ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠬᠤᠭᠤᠷᠣᠨᠳᠤᠬᠢ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠶᠠᠪᠤᠭᠳᠠᠪᠠ ᠮᠢᠷᠠᠬᠠᠶᠢᠳᠠᠯᠣᠹ · ᠮ᠊ · ᠹ᠊ ᠪᠣᠯᠣᠨ ᠶᠠᠩ ᠶᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2024/8/23
    8 ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠬᠤᠭᠤᠷᠣᠨᠳᠤᠬᠢ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠬᠥᠬᠡᠬᠤᠲᠠ ᠳᠤ ᠶᠠᠪᠤᠭᠳᠠᠵᠠᠢ᠃    ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ᠂ ᠵᠠᠰᠠᠭ ᠵᠠᠬᠢᠷᠭᠠᠨ ᠤ ᠳᠠᠷᠤᠭ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠮᠢᠷᠠᠬᠠᠶᠢᠳᠠᠯᠣᠹ · ᠮ᠊ · ᠹ᠊ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠠᠭᠤᠯᠵᠠᠯᠲᠠ ᠶᠢᠨ ᠲᠣᠪᠴᠢ ᠲᠡᠮᠳᠡᠭᠯᠡᠯ ᠳᠤ ᠭᠠᠷ ᠤᠨ ᠦᠰᠦᠭ ᠵᠢᠷᠤᠪᠠ᠃ ᠬᠤᠶᠠᠷ ᠭᠠᠵᠠᠷ ᠤᠨ ᠬᠢᠨ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ᠂ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠢᠷᠭᠡᠨᠰᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠨᠢᠭᠦᠯᠬᠦ ᠪᠣᠯᠣᠨ᠎ᠠ᠃    ᠥᠪᠥᠷ ᠮᠣᠩᠭᠤᠯ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠬᠥᠷᠰᠢ ᠵᠡᠷᠭᠡᠯᠡᠳᠡᠭᠡ ᠪᠠᠶᠢᠷᠢᠯᠠᠵᠤ᠂ ᠣᠶᠢᠷ᠎ᠠ ᠶᠢᠨ ᠵᠢᠯ ᠠᠴᠠ ᠬᠤᠶᠠᠷ ᠭᠠᠵᠠᠷ ᠤᠨ ᠬᠢᠨ ᠰᠣᠯᠢᠯᠴᠠᠭ᠎ᠠ ᠶᠠᠪᠤᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠭᠡᠨ ᠬᠦᠷᠢᠶ᠎ᠡ ᠴᠠᠷᠠᠭ᠎ᠠ᠂ ᠣᠯᠠᠨ ᠳᠡᠰ ᠳᠠᠪᠬᠤᠷᠭ᠎ᠠ ᠶᠢᠨ ᠨᠥᠬᠦᠷᠰᠡᠭ ᠬᠠᠮᠲᠤᠷᠠᠯᠴᠠᠭᠠᠨ ᠤ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号