ᠰᠢ ᠶᠢᠨ ᠫᠢᠩ ᠹᠢᠵᠢ ᠶᠢᠨ ᠶᠡᠷᠦᠩᠬᠡᠢ ᠰᠠᠶᠢᠳ ᠯᠠᠨᠪᠦ᠋ᠺᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/23
    8 ᠰᠠᠷ᠎ᠠ ᠶᠢᠨ 20 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠹᠢᠵᠢ ᠶᠢᠨ ᠶᠡᠷᠦᠩᠬᠡᠢ ᠰᠠᠶᠢᠳ ᠯᠠᠨᠪᠦ᠋ᠺᠠ ᠲᠠᠢ ᠠᠭᠤᠯᠵᠠᠪᠠ᠃    ᠰᠢ ᠶᠢᠨ ᠫᠢᠩ ᠹᠢᠵᠢ ᠶᠢᠨ ᠡᠷᠡᠭᠲᠡᠢ ᠶᠢᠨ ᠲᠤᠯᠤᠭᠠᠨ ᠬᠥᠮᠥᠨ ᠤ ᠳᠦᠷᠢᠮᠲᠦ ᠠᠷᠤᠷ᠎ᠠ ᠪᠥᠮᠪᠦᠭᠡ ᠶᠢᠨ ᠠᠩᠭᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠮᠥᠩᠭᠦᠨ ᠮᠧᠳᠠᠯ ᠣᠯᠣᠭᠰᠠᠨ ᠳᠤ ᠪᠠᠶᠠᠷ ᠬᠦᠷᠭᠡᠪᠡ᠃ ᠰᠢ ᠶᠢᠨ ᠫᠢᠩ᠂ ᠹᠢᠵᠢ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠨᠣᠮᠣᠬᠠᠨ ᠲᠠᠯᠠᠢ ᠶᠢᠨ ᠠᠷᠠᠯᠲᠤ ᠤᠯᠤᠰ ᠪᠣᠯᠣᠨ᠎ᠠ᠂ ᠢᠷᠡᠬᠦ ᠵᠢᠯ ᠳᠤᠮᠳᠠᠳᠤ ᠹᠢᠵᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠤᠭᠲᠤᠬᠤ ᠪᠣᠯᠣᠨ᠎ᠠ᠃ ᠬᠠᠭᠠᠰ ᠵᠠᠭᠤᠨ ᠰᠢᠬᠠᠮ ᠤᠨ ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠲᠡᠮᠵᠢᠵᠤ᠂ ᠬᠠᠷᠢᠯᠴᠠᠨ ᠬᠠᠪᠰᠤᠷᠴᠤ᠂ ᠶᠡᠭᠡ ᠪᠠᠭ᠎ᠠ ᠤᠯᠤᠰ ᠬᠠᠷᠢᠯᠴᠠᠨ ᠡᠷᠬᠡ ᠲᠡᠭᠰᠢ ᠬᠠᠨᠳᠤᠬᠤ᠂ ᠨᠥᠭᠦᠷᠰᠡᠭ ᠬᠠᠮᠲᠤᠷᠠᠯᠴᠠᠬᠤ ᠶᠢᠨ ᠬᠡᠪ ᠳᠠᠭᠤᠷᠢᠶᠠᠯ ᠪᠣᠯᠵᠠᠢ᠃ ᠳᠤᠮᠳᠠᠳᠤ ᠤᠯᠤᠰ ᠳᠤᠮᠳᠠᠳᠤ ᠹᠢᠵᠢ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠹᠢᠵᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠵᠦ᠂ ᠹᠢᠵᠢ ᠶᠢᠨ ᠬᠢᠨ ᠲᠠᠢ ᠬᠠᠮᠲᠤ ᠪᠠᠷ ᠬᠤᠶᠠᠷ ᠤᠯᠤᠰ ᠤᠨ ᠬᠠᠷᠢᠯᠴᠠᠭᠠᠨ ᠤ ᠶᠡᠭᠡ ᠴᠢᠭᠯᠡᠯ ᠢ ᠡᠵᠡᠮᠳᠡᠵᠦ᠂ ᠳᠤᠮᠳᠠᠳᠤ ᠹᠢᠵᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ ᠯᠠᠨᠪᠦ᠋ᠺᠠ ᠶᠢᠨ ᠶᠦᠨᠨᠠᠨ᠂ ᠹᠦᠵᠢᠶᠠᠨ᠂ ᠵᠧᠵᠢᠶᠠᠩ ᠭᠤᠷᠪᠠᠨ ᠭᠠᠵᠠᠷ ᠲᠤ ᠠᠶᠢᠯᠴᠢᠯᠠᠬᠰᠠᠨ ᠪᠠᠶᠢᠳᠠᠯ ᠪᠣᠯᠣᠨ ᠲᠥᠷᠥᠭᠳᠡᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠶᠠᠳᠠᠭᠤ ᠶᠢ ᠲᠡᠳᠬᠦᠵᠦ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠠᠯ᠎ᠠ ᠶᠢᠨ ᠠᠷᠭ᠎ᠠ ᠬᠢᠳᠡᠯ ᠪᠣᠯᠣᠨ ᠲᠤᠷᠰᠢᠯᠭ᠎ᠠ ᠶᠢ ᠲᠠᠨᠢᠯᠴᠠᠭᠤᠯᠪᠠ᠃ ᠰᠢ ᠶᠢᠨ ᠫᠢᠩ᠂ 14 ᠳ᠋ᠦᠩᠰᠢᠭᠤᠷ ᠭᠠᠷᠤᠢ ᠠᠷᠠᠳ ᠲᠦᠮᠡᠨ ᠬᠠᠮᠲᠤ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠴᠤ ᠪᠠᠶᠢᠭᠠᠳ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠮᠥᠨ᠂ ᠪᠠᠰᠠ ᠴᠤ ᠳᠤᠮᠳᠠᠳᠤ ᠤᠯᠤᠰ ᠤᠨ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠬᠥᠭᠵᠢᠯᠲᠡ ᠶᠢᠨ ᠦᠢᠯᠡᠰ ᠲᠤ ᠦᠵᠡᠭᠦᠯᠦᠭᠰᠡᠨ ᠲᠡᠦᠬᠡᠲᠦ ᠴᠢᠨᠠᠷᠲᠠᠢ ᠬᠤᠪᠢ ᠨᠡᠮᠡᠷᠢ ᠮᠥᠨ᠃ ᠡᠨᠡ ᠬᠦ ᠶᠠᠪᠤᠴᠠ ᠳᠤ ᠪᠢᠳᠡ ᠨᠢᠭᠡ ᠦᠨᠳᠦᠰᠦᠲᠡᠨ᠂ ᠨᠢᠭᠡ ᠭᠠᠵᠠᠷ ᠣᠷᠣᠨ᠂ ᠨᠢᠭᠡ ᠬᠥᠮᠥᠨ ᠢ ᠴᠤ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠂ ᠡᠨᠡ ᠨᠢ ᠨᠡᠶᠢᠭᠡᠮ ᠵᠢᠷᠤᠮᠲᠤ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠦᠭᠦ ᠳᠤᠮᠳᠠᠳᠤ ᠤᠯᠤᠰ ᠤᠨ 56 ᠦᠨᠳᠦᠰᠦᠲᠡᠨ ᠤ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ ᠪᠣᠯᠣᠨ ᠹᠢᠵᠢ ᠪᠣᠯ ᠴᠥᠮ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠲᠤ ᠬᠠᠷᠢᠶᠠᠯᠠᠭᠳᠠᠨ᠎ᠠ᠂ ᠳᠤᠮᠳᠠᠳᠤ ᠤᠯᠤᠰ ᠳᠤᠷᠠᠲᠠᠶ᠎ᠠ ᠹᠢᠵᠢ ᠵᠡᠷᠭᠡ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠬᠠᠪᠰᠤᠷᠤᠯᠭ᠎ᠠ ᠬᠠᠩᠭᠠᠵᠤ᠂ ᠬᠥᠭᠵᠢᠯᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠣᠮᠣᠬᠠᠨ ᠲᠠᠯᠠᠢ ᠶᠢ ᠲᠠᠶᠢᠪᠤᠩ ᠲᠠᠯᠠᠢ᠂ ᠨᠥᠬᠦᠷᠯᠡᠯ ᠤᠨ ᠲᠠᠯᠠᠢ᠂ ᠬᠠᠮᠲᠤᠷᠠᠯᠴᠠᠭᠠᠨ ᠤ ᠲᠠᠯᠠᠢ ᠪᠣᠯᠭᠠᠨ᠎ᠠ ᠭᠡᠵᠦ ᠴᠢᠬᠤᠯᠠᠴᠢᠯᠠᠪᠠ᠃    ᠯᠠᠨᠪᠦ᠋ᠺᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠰᠢᠯᠢᠳᠡᠭ ᠬᠢᠷᠢ ᠪᠦᠲᠦᠮᠵᠢ ᠣᠯᠣᠭᠰᠠᠨ ᠳᠤ ᠪᠠᠶᠠᠷ ᠬᠦᠷᠭᠡᠪᠡ᠃ ᠯᠠᠨᠪᠦ᠋ᠺᠠ᠂ ᠪᠢ 30 ᠵᠢᠯ ᠤᠨ ᠡᠮᠦᠨ᠎ᠡ ᠶᠡᠷᠦᠩᠬᠡᠢ ᠰᠠᠶᠢᠳ ᠤᠨ ᠬᠤᠪᠢ ᠪᠠᠷ ᠳᠤᠮᠳᠠᠳᠤ ᠤᠯᠤᠰ ᠲᠤ ᠠᠶᠢᠯᠴᠢᠯᠠᠵᠤ ᠥᠩᠭᠡᠷᠡᠭᠰᠡᠨ ᠶᠤᠮ᠂ ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ ᠶᠦᠨᠨᠠᠨ᠂ ᠹᠦᠵᠢᠶᠠᠨ᠂ ᠵᠧᠵᠢᠶᠠᠩ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠶᠠᠳᠠᠭᠤ ᠬᠦᠴᠢᠷᠳᠡᠯ ᠢ ᠠᠷᠢᠯᠭᠠᠭᠰᠠᠨ ᠪᠠ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠭᠤᠤ ᠶᠡᠭᠡ ᠭᠠᠶᠢᠬᠠᠮᠰᠢᠭ ᠪᠣᠯᠣᠨ ᠯᠤᠲᠤ ᠶᠡᠭᠡ ᠠᠮᠵᠢᠯᠲᠠ ᠪᠦᠲᠦᠮᠵᠢ ᠶᠢ ᠪᠡᠶ᠎ᠡ ᠪᠠᠷ ᠢᠶᠠᠨ ᠭᠡᠷᠡᠴᠢᠯᠡᠵᠦ᠂ ᠶᠡᠬᠡᠳᠡ ᠪᠢᠰᠢᠷᠡᠵᠦ ᠪᠠᠶᠢᠨ᠎ᠠ᠃ ᠪᠢ ᠳᠤᠮᠳᠠᠳᠤ ᠤᠯᠤᠰ ᠤᠨ ᠲᠡᠷᠢᠭᠦᠨ ᠤ ᠣᠶᠢᠯᠠᠭᠠᠭᠳᠠᠬᠤᠨ ᠪᠣᠯᠣᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠢᠯᠠᠩᠭᠤᠶ᠎ᠠ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠲᠦᠮᠡᠨ ᠤ ᠬᠦᠰᠡᠯ ᠪᠤᠳᠤᠯ ᠢ ᠰᠣᠨᠣᠰᠴᠤ᠂ ᠳᠤᠮᠳᠠᠳᠤ ᠤᠯᠤᠰ ᠯᠤᠭ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠰᠠᠭᠤᠷᠢ ᠲᠥᠬᠦᠭᠡᠷᠦᠮᠵᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠹᠢᠵᠢ ᠶᠢᠨ ᠲᠠᠯ᠎ᠠ ᠳᠤᠮᠳᠠᠳᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠷᠢᠮᠲᠠᠯᠠᠬᠤ ᠶᠢ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂ ᠨᠣᠮᠣᠬᠠᠨ ᠳᠠᠯᠠᠢ ᠶᠢᠨ ᠠᠷᠠᠯᠲᠤ ᠤᠯᠤᠰ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠨᠣᠮᠣᠬᠠᠨ ᠳᠠᠯᠠᠢ ᠶᠢ ᠲᠠᠶᠢᠪᠤᠩ ᠳᠠᠯᠠᠢ ᠪᠣᠯᠭᠠᠨ᠎ᠠ᠃ ᠹᠢᠵᠢ ᠶᠢᠨ ᠲᠠᠯ᠎ᠠ ᠲᠠᠶᠢᠸᠠᠨ ᠤ ᠠᠰᠠᠭᠤᠳᠠᠯ ᠳᠡᠭᠡᠷᠡᠬᠢ ᠳᠤᠮᠳᠠᠳᠤ ᠤᠯᠤᠰ ᠤᠨ ᠵᠣᠭᠰᠣᠯᠲᠠ ᠶᠢ ᠪᠦᠷᠢᠮᠦᠰᠦᠨ ᠣᠶᠢᠯᠠᠭᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠭᠤᠶᠢᠪᠢᠰᠢ ᠦᠭᠡᠢ ᠬᠡᠷᠡᠭᠵᠢᠭᠦᠯᠦᠨ᠎ᠡ ᠭᠡᠵᠦ ᠢᠯᠡᠳᠬᠡᠪᠡ᠃    ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠹᠢᠵᠢ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃    ᠸᠠᠩ ᠢ ᠠᠭᠤᠯᠵᠠᠯᠲᠠ ᠳᠤ ᠣᠷᠣᠯᠴᠠᠵᠠᠢ᠃    
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号