ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2024 ᠣᠨ ᠤ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠱᠠᠩᠨᠠᠯ ᠤᠨ ᠪᠠᠯᠠ ᠮᠥᠩᠭᠦ ᠶᠢ 4 . 83 ᠳ᠋ᠦᠩᠰᠢᠭᠤᠷ ᠲᠥᠭᠦᠷᠢᠭ ᠪᠠᠭᠤᠯᠭᠠᠪᠠ᠃
ᠨᠡᠶᠢᠲᠡᠯᠡᠭᠰᠡᠨ ᠴᠠᠭ᠄
2024/8/6
    ᠠᠷᠠᠳ ᠤᠨ ᠰᠦᠯᠵᠢᠶ᠎ᠡ ᠶᠢᠨ 8 ᠰᠠᠷ᠎ᠠ ᠶᠢᠨ 4᠎ ᠤ ᠡᠳᠦᠷ ᠤᠨ ᠮᠡᠳᠡᠭᠡ ︵ᠲᠠᠯ᠎ᠠ ᠨᠤᠲᠤᠭ ᠤᠨ ᠡᠭᠦᠯᠡ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠶᠠᠩ ᠸᠧᠶ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠱᠠᠩᠨᠠᠯ ᠤᠨ ᠪᠠᠯᠠ ᠮᠥᠩᠭᠦ ᠶᠢ 4 . 83 ᠳ᠋ᠦᠩᠰᠢᠭᠤᠷ ᠲᠥᠭᠦᠷᠢᠭ ᠪᠠᠭᠤᠯᠭᠠᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠦᠨᠡᠨ ᠬᠦ ᠪᠠᠲᠤᠯᠠᠵᠤ᠂ ᠰᠢᠯᠵᠢᠭᠰᠡᠨ ᠬᠥᠮᠦᠨ ᠠᠮᠠ ᠶᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡᠨ ᠤ ᠬᠡᠷᠡᠭᠴᠡᠭᠡ ᠶᠢ ᠬᠠᠩᠭᠠᠪᠠ᠃    ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠲᠦᠷᠭᠡᠳᠬᠡᠬᠦ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠪᠠᠰᠠ ᠴᠤ ᠬᠤᠲᠠ ᠬᠥᠳᠡᠭᠡ ᠶᠢᠨ ᠬᠤᠶᠠᠷ ᠡᠰᠢᠲᠦ ᠪᠦᠲᠦᠴᠡ ᠶᠢ ᠰᠢᠶ᠋ᠳᠪᠦᠷᠢᠯᠡᠬᠦ ᠦᠨᠳᠦᠰᠦᠨ ᠠᠷᠭ᠎ᠠ ᠵᠠᠮ ᠮᠥᠨ᠂ ᠨᠠᠩ ᠴᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ ᠴᠢᠬᠤᠯᠠ ᠭᠠᠷᠳᠠᠴᠠ ᠮᠥᠨ᠃ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠳᠤ ᠲᠦᠷᠭᠡᠨ ᠠᠭᠤᠰᠤᠯᠴᠠᠬᠤ ᠶᠢ ᠠᠬᠢᠭᠤᠯᠵᠤ᠂ ᠬᠠᠮᠢᠶ᠎ᠠ ᠪᠥᠬᠦᠶ ᠭᠠᠵᠠᠷ ᠣᠷᠣᠨ ᠢ ᠬᠥᠲᠥᠯᠦᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠱᠠᠩᠨᠠᠯ ᠤᠨ ᠲᠣᠭᠲᠠᠴᠠ ᠶᠢ ᠪᠠᠶᠢᠭᠤᠯᠵᠤ᠂ ᠱᠠᠩᠨᠠᠯ ᠤᠨ ᠪᠠᠯᠠ ᠮᠥᠩᠭᠦ ᠶᠢ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠳᠤ ᠪᠣᠳᠠᠲᠠᠶ ᠡᠷᠦᠬᠡ ᠠᠮᠠ ᠤᠷᠤᠭᠰᠠᠨ ᠬᠥᠮᠦᠨ ᠤ ᠲᠤᠭ᠎ᠠ ᠪᠠ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡᠨ ᠤ ᠥᠪᠡᠷ ᠤᠨ ᠥᠷᠲᠡᠭ ᠵᠡᠷᠭᠡ ᠲᠠᠢ ᠬᠤᠯᠪᠣᠭᠳᠠᠭᠤᠯᠪᠠ᠃ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠵᠢᠯᠲᠠ ᠶᠢᠨ ᠨᠣᠷᠮ᠎ᠠ 2020 ᠣᠨ ᠳᠤ 67 . 48 % ᠪᠠᠶᠢᠭᠰᠠᠨ ᠠᠴᠠ ᠪᠠᠨ ᠳᠡᠭᠡᠭᠰᠢᠯᠡᠭᠡᠳ 2023 ᠣᠨ ᠳᠤ 69 . 58 % ᠪᠣᠯᠵᠣ᠂ ᠠᠳᠠᠯᠢ ᠬᠤᠭᠤᠴᠠᠭᠠᠨ ᠤ ᠪᠥᠬᠦ ᠤᠯᠤᠰ ᠤᠨ ᠬᠤᠲᠠ ᠪᠠᠯᠭᠠᠰᠤᠵᠢᠯᠲᠠ ᠶᠢᠨ ᠨᠣᠷᠮ᠎ᠠ ᠠᠴᠠ ᠥᠨᠳᠥᠷ ᠪᠣᠯᠪᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠦᠷᠭᠦᠯᠵᠢᠯᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠳᠡᠭᠡᠳᠦ ᠱᠠᠲᠤᠨ ᠤ ᠱᠠᠩᠨᠠᠯ ᠤᠨ ᠪᠠᠯᠠ ᠮᠥᠩᠭᠦ ᠪᠠ ᠥᠪᠡᠷ ᠤᠨ ᠡᠳ᠋ ᠤᠨ ᠬᠦᠴᠦᠨ ᠢᠶᠠᠨ ᠨᠢᠭᠡᠳᠦᠯᠲᠡᠶ ᠲᠥᠯᠥᠪᠯᠡᠨ᠂ ᠬᠠᠮᠢᠶ᠎ᠠ ᠪᠥᠬᠦᠶ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠪᠠᠲᠤᠯᠠᠬᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯ ᠢ ᠲᠦᠷᠭᠡᠳᠬᠡᠨ ᠠᠬᠢᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃
 
ᠢᠷᠡᠯᠲᠡ᠄ ᠦᠪᠦᠷ ᠮᠤᠩᠭᠤᠯ1᠎ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号