ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠱᠠᠲᠤ ᠶᠢᠨ ᠲᠤᠰᠬᠠᠶ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃
ᠨᠡᠶᠢᠲᠡᠯᠡᠭᠰᠡᠨ ᠴᠠᠭ᠄
2024/8/6
     ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠣᠯᠠᠨ ᠤ ᠴᠠᠬᠢᠯᠭᠠᠨ ᠱᠠᠲᠤ ᠳᠤ ᠰᠠᠭᠤᠬᠤ ᠪᠠ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠱᠠᠲᠤ ᠶᠢᠨ ᠲᠤᠰᠬᠠᠶ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠨᠢᠭᠡ ᠳᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠴᠠᠬᠢᠯᠭᠠᠨ ᠱᠠᠲᠤ ᠬᠡᠷᠡᠭᠯᠡᠬᠦ ᠨᠢᠭᠡᠴᠡ ᠨᠢ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠬᠡᠷᠡᠭᠯᠡᠬᠦ ᠨᠢᠭᠡᠴᠡ ᠶᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠬᠤ ᠶᠢ ᠱᠠᠭᠠᠷᠳᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠮᠡᠷᠭᠡᠵᠢᠯ ᠤᠨ ᠳᠠᠩᠰᠠ ᠡᠪᠬᠡᠮᠡᠯ ᠪᠠᠶᠢᠭᠤᠯᠬᠤ ᠠᠵᠢᠯ ᠢ ᠰᠠᠶᠢᠲᠤᠷ ᠬᠢᠵᠦ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠥᠷᠨᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠡᠯ᠎ᠡ ᠵᠦᠶ᠋ᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠰᠠᠶᠢᠲᠤᠷ ᠨᠠᠢᠳᠠᠪᠤᠷᠢᠵᠢᠭᠤᠯᠬᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ᠃    ᠬᠤᠶᠠᠷ ᠲᠤ ᠥᠪᠡᠷ ᠢᠶᠠᠨ ᠪᠠᠶᠢᠴᠠᠭᠠᠵᠤ ᠬᠠᠮᠢᠶᠠᠷᠬᠤ ᠶᠢ ᠪᠠᠲᠤᠳᠬᠠᠨ᠎ᠠ᠃ ᠬᠡᠷᠡᠭᠯᠡᠬᠦ ᠨᠢᠭᠡᠴᠡ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠬᠢᠭᠡᠳ ᠠᠷᠠᠴᠢᠯᠠᠨ ᠬᠠᠮᠠᠭᠠᠯᠠᠬᠤ ᠨᠢᠭᠡᠴᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠪᠠᠲᠤᠯᠠᠨ ᠬᠠᠮᠠᠭᠠᠯᠠᠬᠤ ᠠᠵᠢᠯ ᠪᠣᠯ ᠴᠠᠬᠢᠯᠭᠠᠨ ᠱᠠᠲᠤ ᠶᠢᠨ ᠬᠡᠪ ᠤᠨ ᠠᠵᠢᠯᠯᠠᠭᠠᠨ ᠢ ᠪᠠᠲᠤᠯᠠᠬᠤ᠂ ᠠᠮᠤᠷ ᠲᠦᠪᠰᠢᠨ ᠤ ᠠᠳᠠᠯ ᠭᠠᠷᠬᠤ ᠶᠢ ᠬᠤᠷᠢᠭᠯᠠᠬᠤ ᠬᠦᠴᠦᠲᠡᠶ ᠪᠠᠲᠤᠯᠠᠭ᠎ᠠ ᠪᠠᠶᠢᠵᠤ᠂ ᠴᠠᠬᠢᠯᠭᠠᠨ ᠱᠠᠲᠤ ᠬᠡᠷᠡᠭᠯᠡᠬᠦ ᠨᠢᠭᠡᠴᠡ᠂ ᠠᠷᠠᠴᠢᠯᠠᠨ ᠬᠠᠮᠠᠭᠠᠯᠠᠬᠤ ᠨᠢᠭᠡᠴᠡ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠡᠷᠡᠰ ᠬᠤᠷᠢᠭᠯᠠᠨ ᠵᠣᠭᠰᠣᠭᠠᠵᠤ᠂ ᠪᠠᠲᠤᠯᠠᠨ ᠬᠠᠮᠠᠭᠠᠯᠠᠭᠰᠠᠨ ᠲᠡᠮᠳᠡᠭᠯᠡᠯ ᠢ ᠬᠡᠯᠪᠡᠷᠢ ᠶᠢᠨ ᠲᠡᠳᠦᠶ ᠪᠠᠶᠢᠯᠭᠠᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠭᠰᠠᠨ ᠲᠡᠮᠳᠡᠭᠯᠡᠯ ᠢ ᠪᠠᠶᠢᠴᠠᠭᠠᠨ ᠦᠵᠡᠬᠦ ᠵᠡᠷᠭᠡ ᠪᠠᠶᠢᠴᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠠᠬᠢᠯᠭᠠᠨ ᠱᠠᠲᠤ ᠬᠡᠷᠡᠭᠯᠡᠬᠦ ᠨᠢᠭᠡᠴᠡ᠂ ᠪᠠᠲᠤᠯᠠᠨ ᠬᠠᠮᠠᠭᠠᠯᠠᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠴᠢᠩᠭ᠎ᠠ ᠱᠠᠭᠠᠷᠳᠠᠬᠤ ᠬᠡᠷᠡᠭᠲᠡᠶ᠃    ᠭᠤᠷᠪᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠲᠣᠰ ᠤᠳᠠᠭᠠᠨ ᠤ ᠪᠠᠶᠢᠴᠠᠭᠠᠯᠲᠠ ᠳᠤ ᠵᠢᠵᠢᠭ ᠲᠣᠭᠤᠷᠢᠭ᠂ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠨᠢᠭᠡᠴᠡ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠢᠶᠠᠷ ᠭᠤᠤᠯᠳᠠᠯᠭ᠎ᠠ ᠪᠣᠯᠭᠠᠵᠤ᠂ ᠴᠠᠬᠢᠯᠭᠠᠨ ᠱᠠᠲᠤ ᠬᠡᠷᠡᠭᠯᠡᠬᠦ ᠳᠠᠩᠰᠠᠯᠠᠯ ᠢ ᠭᠦᠶ᠋ᠴᠡᠳᠬᠡᠭᠰᠡᠨ ᠡᠰᠡᠬᠦ᠂ ᠲᠣᠭᠲᠠᠮᠠᠯ ᠬᠤᠭᠤᠴᠠᠭ᠎ᠠ ᠲᠠᠢ ᠰᠢᠯᠭᠠᠨ ᠪᠠᠶᠢᠴᠠᠭᠠᠯᠲᠠ ᠬᠢᠭᠰᠡᠨ ᠡᠰᠡᠬᠦ᠂ ᠲᠤᠰᠬᠠᠶ ︵ᠬᠠᠪᠰᠤᠷᠭᠠᠭᠰᠠᠨ︶ ᠲᠤᠰᠢᠶᠠᠯ ᠳᠣᠭᠢᠷᠠᠭᠤᠯᠤᠭᠰᠠᠨ ᠥᠬᠡᠶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠᠶᠢᠬᠤ ᠡᠰᠡᠬᠦ᠂ ᠴᠠᠬᠢᠯᠭᠠᠨ ᠱᠠᠲᠤ ᠶᠢ ᠬᠠᠮᠠᠭᠠᠯᠠᠨ ᠪᠠᠲᠤᠯᠠᠬᠤ ᠨᠢᠭᠡᠴᠡ ᠨᠢ ᠵᠣᠬᠢᠴᠠᠩᠭᠤᠶ ᠬᠢᠷᠢ ᠬᠡᠮ ᠪᠠᠶᠢᠬᠤ ᠡᠰᠡᠬᠦ ᠵᠢᠴᠢ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠬᠠᠮᠠᠭᠠᠯᠠᠨ ᠬᠠᠮᠠᠭᠠᠯᠠᠭᠰᠠᠨ ᠡᠰᠡᠬᠦ᠂ ᠬᠠᠮᠠᠭᠠᠯᠠᠨ ᠪᠠᠲᠤᠯᠠᠬᠤ ᠨᠢᠭᠡᠴᠡ ᠨᠢ ᠲᠣᠭᠲᠠᠭᠰᠠᠨ ᠴᠠᠭ ᠬᠤᠭᠤᠴᠠᠭᠠᠨ ᠳᠤ ᠲᠤᠬᠠᠶ ᠶᠢᠨ ᠲᠠᠯᠠᠪᠠᠶ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠨ᠎ᠡ᠃ ᠡᠭᠦᠨ ᠤ ᠬᠠᠮᠲᠤ ᠬᠠᠤᠯᠢ ᠬᠡᠷᠡᠭᠵᠢᠭᠦᠯᠬᠦ ᠠᠵᠢᠯᠲᠠᠨ ᠴᠠᠬᠢᠯᠭᠠᠨ ᠱᠠᠲᠤ ᠳᠤ ᠲᠤᠷᠰᠢᠨ ᠰᠠᠭᠤᠬᠤ᠂ ᠪᠠᠴᠢᠮ ᠠᠪᠤᠷᠠᠯ ᠭᠤᠶᠤᠴᠢᠯᠠᠬᠤ ᠲᠣᠪᠴᠢᠯᠠᠭᠤᠷ ᠬᠡᠷᠡᠭᠯᠡᠬᠦ᠂ ᠲᠦᠭᠰᠢᠭᠦᠷᠢ ᠮᠡᠳᠡᠭᠦᠯᠬᠦ ᠤᠲᠠᠰᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠴᠠᠬᠢᠯᠭᠠᠨ ᠱᠠᠲᠤ ᠶᠢᠨ ᠠᠵᠢᠯᠯᠠᠭᠠᠨ ᠪᠠ ᠪᠠᠴᠢᠮ ᠪᠠᠶᠢᠳᠠᠯ ᠢ ᠠᠷᠭᠠᠴᠠᠵᠤ ᠪᠠᠶᠢᠭ᠎ᠠ ᠪᠠᠶᠢᠳᠠᠯ ᠢ ᠪᠠᠶᠢᠴᠠᠭᠠᠪᠠ᠃    ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号