ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠪᠢᠴᠢᠭ ᠮᠠᠲ᠋ᠧᠷᠢᠶᠠᠯ | ᠥᠪᠣᠷ ᠵᠠᠰᠠᠭ ᠲᠠᠷᠬᠠᠭᠠᠭᠰᠠᠨ ﹇2024﹈ 1 ᠳ᠋ᠦ᠋ᠭᠡᠷ ᠲᠤᠭᠠᠲᠦ | 2024 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ | ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠶ᠋ᠯᠡᠰ ᠤᠨ ᠨᠢᠭᠡᠴᠢ ᠳᠤ᠄ | ᠡᠳᠦᠭᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠢᠶᠠᠷ ᠨᠢᠭᠡᠨᠲᠡ | ᠬᠢᠨᠠᠨ ᠵᠥᠪᠯᠡᠵᠦ ᠪᠠᠲᠤᠯᠠᠭᠠᠳ ᠳᠣᠷᠣᠭᠰᠢ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠲᠦᠭᠡᠢ᠃ | 2024 ᠣᠨ ᠤ 2 ᠳ᠋ᠤᠭᠠᠷ ᠰᠠᠷ᠎ᠠ ᠶᠢᠨ 8 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠣᠯᠣᠨ᠎ᠠ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠵᠢᠯ | ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠠᠬᠢᠭᠤᠯᠬᠤ | ᠴᠢᠬᠤᠯᠠ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ 2024 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ | ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ | ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ | ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ | ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ | ᠦᠭᠡᠢ ᠪᠢᠴᠢᠭᠯᠡᠨ᠎ᠡ᠃ | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ | ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% | ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% | ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ | ᠬᠤᠷᠣᠭᠳᠠᠯ ᠢ 1.6% ᠣᠷᠴᠢᠮ ᠪᠠᠭᠤᠷᠠᠭᠤᠯᠤᠨ᠎ᠠ᠃ | ᠨᠢᠭᠡ᠂ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠷᠥ ᠶᠢᠨ | ᠪᠣᠳᠣᠯᠭ᠎ᠠ ᠶᠢ ᠤᠬᠠᠭᠠᠯᠠᠨ ᠲᠥᠯᠥᠪᠯᠡᠵᠦ ᠨᠦᠬᠡᠴᠡᠯᠡᠬᠦ ᠪᠠᠨ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ | ᠪᠣᠯᠭᠠᠨ ᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠵᠦ᠂ ᠵᠢᠱᠢᠯᠲᠡ᠂ ᠥᠰᠦᠯᠲᠡ᠂ ᠠᠵᠢᠯ | ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ | ︵ᠨᠢᠭᠡ︶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠪᠠᠬᠢᠵᠢᠭᠦᠯᠦᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ | ᠡᠯ᠎ᠡ ᠵᠦᠢᠯ ᠤᠨ ᠭᠤᠣᠯᠳᠠᠯᠭ᠎ᠠ ᠪᠣᠯᠬᠤ ᠠᠵᠢᠯ ᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠯᠦᠭᠡ | ᠤᠶᠠᠯᠳᠤᠭᠤᠯᠤᠨ᠂ ᠴᠠᠭ ᠤᠨ ᠬᠦᠰᠦᠨᠦᠭᠲᠦ᠂ ᠠᠵᠢᠯ ᠤᠨ ᠱᠤᠭᠤᠮ ᠤᠨ ᠵᠢᠷᠤᠭ᠂ ᠲᠥᠷᠥᠯ ᠵᠦᠢᠯ ᠤᠨ ᠬᠠᠭᠤᠳᠠᠰᠤ ᠶᠢ | ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠠᠪᠤᠨ ᠶᠡᠭᠡ ᠡᠭᠦᠷᠭᠡ ᠶᠢᠨ ᠲᠠᠯ᠎ᠠ ᠳᠠᠬᠢ 2024 ᠣᠨ ᠤ | ᠠᠵᠢᠯ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠭᠦᠷᠭᠡ ᠪᠠᠨ | ᠪᠡᠶᠡᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠴᠢᠨᠠᠷ ᠢᠶᠠᠨ ᠳᠡᠭᠡᠭᠰᠢᠯᠡᠭᠦᠯᠬᠦ᠂ ᠳᠣᠲᠣᠭᠠᠳᠤ ᠬᠡᠷᠡᠭᠴᠡᠭᠡ ᠪᠠᠨ | ᠥᠷᠭᠡᠳᠭᠡᠬᠦ᠂ ᠥᠪᠡᠷ ᠤᠨ ᠥᠷᠳᠡᠭ ᠢᠶᠠᠨ ᠪᠠᠭᠤᠷᠠᠭᠤᠯᠬᠤ ᠵᠡᠷᠭᠡ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠠᠷᠭ᠎ᠠ | ᠠᠪᠴᠠᠯ ᠤᠨ ᠬᠥᠮᠥᠷᠭᠡ ᠶᠢ ᠦᠷᠭᠦᠯᠵᠢᠯᠡᠨ ᠪᠠᠶᠠᠯᠢᠭᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠦᠢᠯᠡᠳᠦᠯ ᠢ ᠤᠷᠢᠳ ᠢᠶᠠᠷ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ ᠤᠨ ᠪᠠᠷᠠᠯᠠᠯᠲᠤ | ᠰᠤᠳᠤᠯᠤᠯ ᠢᠶᠠᠨ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ | ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ︵ᠬᠤᠶᠠᠷ︶ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠪᠠᠷ | ᠨᠠᠶᠢᠳᠠᠪᠤᠷᠢᠵᠢᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠰᠥᠷᠭᠡᠦ ᠦᠶᠡᠯᠡᠯ ᠪᠠ ᠦᠶᠡᠯᠡᠯ ᠠᠯᠤᠰᠯᠠᠭᠰᠠᠨ | ᠲᠣᠬᠢᠷᠠᠭᠤᠯᠭ᠎ᠠ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ | ᠲᠥᠪ ᠤᠨ ᠪᠡᠯᠡ ᠮᠥᠩᠭᠦ ᠶᠢ ᠴᠢᠷᠮᠠᠶᠢᠨ ᠠᠰᠢᠭᠯᠠᠬᠤ ᠦᠷ᠎ᠡ ᠪᠦᠲᠦᠮᠵᠢ ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ | ᠰᠢᠯᠵᠢᠭᠦᠯᠦᠨ ᠥᠭᠬᠦ᠂ ᠲᠥᠰᠥᠪ ᠤᠨ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠦᠢᠴᠡᠳ | ᠰᠠᠶᠢᠲᠤᠷ ᠠᠰᠢᠭᠯᠠᠨ᠎ᠠ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠭᠤᠣᠯᠳᠠᠯᠭᠠᠲᠤ ᠪᠤᠰᠤ᠂ ᠵᠠᠶᠢᠯᠠᠰᠢ ᠦᠭᠡᠢ | ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠡᠬᠢ ᠪᠠᠶᠠᠯᠢᠭ᠂ ᠪᠡᠯᠡ | ᠮᠥᠩᠭᠦ ᠶᠢ ᠬᠤᠶᠠᠷ ᠶᠡᠭᠡ ᠶᠠᠪᠤᠳᠠᠯ ᠲᠡᠶᠢᠰᠢ ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ | ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ᠢ | ᠰᠤᠳᠤᠯᠤᠨ ᠲᠣᠭᠲᠠᠭᠠᠨ᠎ᠠ᠃ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠠᠵᠤ ᠠᠬᠤᠢ ᠶᠢᠨ ᠥᠰᠦᠯᠲᠡ ᠪᠠ ᠦᠨ᠎ᠡ | ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠶᠢ ᠪᠠᠲᠤᠯᠠᠵᠤ᠂ ᠨᠡᠶᠢᠭᠡᠮ ᠤᠨ ᠶᠡᠷᠦᠩᠬᠡᠢ ᠪᠡᠯᠡ | ᠲᠣᠬᠢᠷᠠᠭᠤᠯᠬᠤ ᠥᠪᠡᠷ ᠤᠨ ᠥᠷᠳᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠤᠨ᠂ ᠪᠣᠬᠢᠷᠲᠤᠯ ᠦᠭᠡᠢ | ᠮᠥᠩᠭᠦᠨ ᠭᠦᠢᠯᠭᠡᠭᠡᠨ ᠤ ᠥᠭᠡᠷᠡᠴᠢᠯᠡᠯᠲᠡ ᠰᠢᠨ᠎ᠡ ᠡᠭᠦᠳᠦᠯᠲᠡ ᠶᠢ ᠢᠳᠡᠪᠬᠢᠲᠡᠢ ᠠᠬᠢᠭᠤᠯᠤᠨ᠎ᠠ᠃ | ︵ᠭᠤᠷᠪᠠ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠶᠢ ᠨᠢ ᠥᠷᠭᠡᠳᠬᠡᠵᠦ ᠶᠠᠰᠤ | ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠳᠠᠷᠤᠭᠠᠰᠤ ᠶᠢ ᠨᠢ ᠬᠥᠩᠭᠡᠷᠡᠭᠦᠯᠦᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠬᠤ ᠶᠢ ᠥᠷᠭᠡᠳᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠣᠨᠣᠴᠠᠲᠠᠢ ᠮᠥᠷᠲᠡᠭᠡᠨ ᠪᠦᠲᠦᠮᠵᠢᠲᠡᠢ ᠬᠡᠷᠡᠭᠵᠢᠭᠦᠯᠵᠦ᠂ ᠬᠤᠲᠠ ᠪᠠᠯᠭᠠᠰᠤᠨ ᠤ 18 ᠲᠦᠮᠡ ᠭᠠᠷᠤᠢ | ᠬᠥᠮᠥᠨ ᠳᠤ ᠰᠢᠨ᠎ᠡ ᠪᠠᠷ ᠠᠵᠢᠯ ᠣᠯᠭᠤᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ | ᠵᠠᠯᠠᠭᠤᠴᠤᠳ ᠤᠨ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ | ᠠᠵᠢᠯ ᠤᠨ ᠪᠠᠶᠢᠷᠢ ᠶᠢᠨ ᠬᠠᠩᠭᠠᠯᠲᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠵᠢᠯ ᠣᠯᠭᠤᠬᠤ ᠵᠠᠮ ᠮᠥᠷ ᠪᠠ | ᠠᠵᠢᠯ ᠤᠨ ᠪᠠᠶᠢᠷᠢ ᠶᠢ ᠢᠳᠡᠪᠬᠢᠲᠡᠢ ᠥᠷᠭᠡᠳᠬᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ | ᠭᠠᠳᠠᠭᠰᠢ ᠰᠢᠯᠵᠢᠨ ᠠᠵᠢᠯ ᠣᠯᠬᠤ᠂ ᠣᠶᠢᠷ᠎ᠠ ᠬᠠᠪᠢ ᠪᠠᠷ ᠲᠤᠬᠠᠢ ᠶᠢᠨ ᠭᠠᠵᠠᠷ ᠲᠤ ᠪᠠᠨ ᠠᠵᠢᠯ ᠣᠯᠬᠤ ᠪᠠ | ᠠᠮᠢᠳᠤᠯᠢᠭ ᠢᠶᠠᠷ ᠠᠵᠢᠯ ᠣᠯᠬᠤ ᠶᠢ ᠣᠯᠠᠨ ᠵᠠᠮ ᠮᠥᠷ ᠢᠶᠠᠷ ᠠᠬᠢᠭᠤᠯᠤᠨ᠎ᠠ᠃ ᠠᠵᠢᠯ ᠠᠯᠳᠠᠭᠰᠠᠳ᠂ ᠠᠵᠢᠯ ᠣᠯᠬᠤ ᠳᠤ | ᠬᠦᠴᠢᠷᠳᠡᠯᠲᠡᠢ ᠬᠥᠮᠥᠰ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢᠨ ᠪᠦᠷᠢᠯᠳᠦᠭᠦᠨ᠂ ᠵᠡᠮᠳᠡᠭᠴᠦᠳ ᠵᠡᠷᠭᠡ | ᠬᠦᠴᠢᠷᠳᠡᠯᠲᠡᠢ ᠣᠯᠠᠨ ᠲᠦᠮᠡᠨ ᠢ ᠰᠠᠭᠤᠷᠢ ᠠᠴᠠ ᠨᠢ ᠪᠠᠲᠤᠯᠠᠨ ᠬᠠᠪᠰᠤᠷᠤᠨ ᠲᠡᠳᠬᠦᠬᠦ ᠠᠵᠢᠯ ᠢ ᠣᠨᠣᠴᠠᠲᠠᠢ ᠰᠠᠶᠢᠲᠤᠷ | ᠬᠢᠨ᠎ᠡ᠃ ︽ᠤᠷ᠎ᠠ ᠮᠡᠷᠭᠡᠰᠢᠯ ᠤᠨ ᠥᠪᠥᠷ ᠮᠣᠩᠭᠤᠯ ᠤᠨ ᠠᠵᠢᠯᠯᠠᠭᠠᠨ︾ ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ᠂ ︽ᠵᠠᠭᠤᠨ ᠡᠳᠦᠷ ᠮᠢᠩᠭᠠᠨ ᠲᠦᠮᠡᠨ | ᠠᠵᠢᠯ ᠤᠨ ᠪᠠᠶᠢᠷᠢ ᠬᠠᠩᠭᠠᠬᠤ︾ ᠠᠵᠢᠯᠲᠠᠨ ᠡᠯᠰᠡᠬᠦ ᠲᠤᠰᠬᠠᠢ ᠠᠵᠢᠯᠯᠠᠭᠠᠨ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ | ᠰᠠᠶᠢᠲᠤᠷ ᠠᠳᠬᠤᠨ᠎ᠠ᠃ | ᠬᠤᠶᠠᠷ᠂ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠨ᠎ᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ | ᠲᠣᠭᠲᠠᠯᠴᠠᠭᠠᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ ᠪᠤᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠢ | ᠪᠠᠷᠠᠯᠠᠬᠢᠯᠠᠯᠲᠤ ᠴᠢᠨᠠᠷᠲᠠᠢ ᠪᠠᠷ ᠬᠥᠭᠵᠢᠭᠦᠯᠦᠨ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠬᠡᠯᠬᠢᠶᠡᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ | ᠡᠭᠦᠳᠦᠯᠲᠡ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | 2.0 ᠬᠡᠪᠯᠡᠯ ᠢ ᠴᠣᠭᠴᠠᠯᠠᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠠᠵᠢᠯ ᠤᠨ ᠲᠥᠰᠥᠯ ᠢ ᠨᠡᠶᠢᠲᠡᠯᠡᠨ | ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠢ | ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ | 20% ᠠᠴᠠ ᠳᠡᠭᠡᠭᠰᠢ ᠨᠡᠮᠡᠭᠳᠡᠭᠦᠯᠦᠨ᠎ᠡ᠃ ᠭᠤᠷᠪᠠᠨ ᠶᠡᠭᠡ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠵᠤ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ | ᠬᠤᠪᠣᠷ ᠰᠢᠷᠣᠢ᠂ ᠡᠪᠡᠰᠦᠨ ᠤ ᠦᠢᠯᠡᠰ ᠤᠨ ᠥᠨᠳᠥᠷ ᠴᠢᠳᠠᠮᠵᠢ ᠶᠢᠨ ᠳᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ᠂ ᠬᠤᠸᠠᠢ ᠷᠧᠦ ᠶᠢᠨ ᠲᠤᠷᠰᠢᠯᠲᠠ ᠶᠢᠨ ᠲᠠᠰᠤᠭ ᠤᠨ ᠥᠪᠥᠷ | ᠮᠣᠩᠭᠤᠯ ᠳᠠᠬᠢ ᠰᠠᠭᠤᠷᠢᠨ ᠭᠠᠵᠠᠷ ᠢ ᠴᠣᠬᠤᠯᠠᠪᠤᠷᠢᠯᠠᠨ ᠵᠥᠪᠰᠢᠶᠡᠷᠡᠭᠦᠯᠬᠦ᠂ ᠮᠤᠵᠢ ᠶᠠᠮᠤᠨ ᠤ ᠬᠠᠮᠲᠤᠷᠠᠨ ᠪᠠᠶᠢᠭᠤᠯᠤᠭᠰᠠᠨ | ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠡᠵᠡᠮᠰᠢᠨ ᠲᠣᠬᠢᠷᠠᠭᠤᠯᠬᠤ ᠪᠠ ᠦᠷᠡᠵᠢᠭᠦᠯᠦᠨ ᠪᠤᠶᠢᠵᠢᠭᠤᠯᠬᠤ | ᠤᠯᠤᠰ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠢ ᠪᠥᠬᠦ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ | ᠲᠠᠰᠤᠭ ᠤᠨ ᠴᠤᠪᠤᠷᠠᠯ ᠳᠤ ᠣᠷᠣᠭᠤᠯᠬᠤ ᠪᠠᠷ ᠴᠢᠷᠮᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠨᠠᠶᠢᠳᠠᠪᠤᠷᠢᠵᠢᠭᠤᠯᠵᠤ᠂ ᠬᠠᠮᠲᠤᠷᠠᠨ ᠪᠠᠶᠢᠭᠤᠯᠬᠤ ᠰᠢᠨ᠎ᠡ ᠡᠭᠦᠳᠦᠯᠲᠡ ᠶᠢᠨ ᠲᠠᠪᠴᠠᠩ ᠢ 20 ᠰᠢᠨ᠎ᠡ ᠪᠠᠷ ᠨᠡᠮᠡᠭᠳᠡᠭᠦᠯᠦᠨ᠎ᠡ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ | ᠦᠷᠭᠦᠯᠵᠢᠯᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠠᠴᠠ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ 50 ᠠᠴᠠ ᠳᠡᠭᠡᠭᠰᠢ ᠪᠠᠶᠢᠭᠤᠯᠬᠤ ᠶᠢ ᠵᠣᠷᠢᠭᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 2000᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 3000 ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ | ᠪᠦᠷᠢᠨᠰᠢᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠰᠥᠯ ᠢ ᠲᠣᠭᠲᠠᠭᠠᠵᠤ᠂ | ᠨᠡᠭᠦᠷᠡᠰᠦᠲᠥ᠋ᠷᠥᠭᠴᠢ ᠪᠠᠭᠠᠲᠠᠢ ᠡᠨᠧᠷᠭᠢ ᠶᠢᠨ ᠰᠤᠷᠪᠤᠯᠵᠢ ᠵᠡᠷᠭᠡ ᠬᠦᠷᠢᠶᠡᠨ ᠤ ᠲᠣᠭᠤᠷᠢᠨ ᠳᠤ᠂ ᠰᠢᠨ᠎ᠡ ᠬᠡᠯᠪᠡᠷᠢ ᠶᠢᠨ | ᠨᠦᠬᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠵᠡᠷᠭᠡ ᠴᠢᠭᠯᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠣᠷᠦ᠋ᠢᠯᠠᠭᠰᠠᠨ ᠲᠤᠰᠬᠠᠢ ᠮᠡᠷᠭᠡᠵᠢᠯᠲᠡᠨ᠂ ᠰᠢᠨ᠎ᠡ ᠶᠢ ᠡᠭᠦᠳᠬᠦ ᠪᠦᠯᠬᠦᠮ ᠢ ᠢᠳᠡᠪᠬᠢᠲᠡᠢ | ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠶᠢ ᠥᠷᠨᠢᠭᠦᠯᠦᠨ᠂ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ | ᠦᠢᠯᠡᠰ ᠢ ᠪᠤᠶᠢᠵᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠎ᠠ᠃ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽1+7︾ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠦᠨ᠎ᠡ᠃ ᠣᠯᠠᠨ ᠡᠰᠢᠵᠢᠭᠦᠯᠦᠨ ᠬᠥᠭᠵᠢᠭᠦᠯᠬᠦ ᠣᠯᠠᠨ | ᠲᠦᠢᠯ ᠢᠶᠠᠷ ᠲᠤᠯᠭᠠᠭᠤᠷᠢᠯᠠᠬᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠶᠢᠨ ᠬᠡᠷᠡᠭᠵᠢᠭᠦᠯᠬᠦ | ᠲᠥᠰᠥᠯ ᠢ ᠨᠡᠶᠢᠲᠡᠯᠡᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ | ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠶᠡᠭᠡ ᠬᠡᠪᠴᠢᠶᠡᠨ ᠤ ᠮᠡᠷᠭᠡᠵᠢᠯ ᠤᠨ | ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠬᠦ ᠢᠨᠵᠧᠨᠧᠷᠢᠩ ᠪᠠ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ | ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ | ᠠᠵᠤ ᠦᠢᠯᠡᠰ ᠤᠨ ᠪᠦᠯᠦᠭᠵᠢᠯ ᠢ 1᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ | ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ 10 ᠪᠤᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ 300᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ | 60 ᠪᠤᠶᠢᠵᠢᠭᠤᠯᠤᠨ᠎ᠠ᠃ ᠲᠣᠭᠠᠵᠢᠯᠲᠤ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ | ᠲᠣᠭᠠᠵᠢᠭᠤᠯᠤᠯᠲᠠ ᠪᠠ ᠲᠣᠭᠠᠵᠢᠯᠲᠠ ᠶᠢᠨ ᠠᠵᠤ ᠦᠢᠯᠡᠰᠵᠢᠯᠲᠡ ᠶᠢ ᠲᠦᠷᠭᠡᠳᠬᠡᠵᠦ᠂ ᠦᠢᠯᠡᠴᠢᠯᠡᠭᠦᠷ ᠤᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ 60 ᠲᠦᠮᠡ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠤᠭᠰᠠᠨ ᠨᠣᠷᠮ᠎ᠠ ᠶᠢ 50% ᠳᠤ ᠬᠦᠷᠦᠭᠦᠯᠵᠦ᠂ | ᠵᠠᠩᠭᠢᠯᠠᠭ᠎ᠠ ᠶᠢᠨ ᠠᠵᠢᠯ ᠤᠨ ᠴᠤᠪᠤᠷᠠᠯ ᠤᠨ ᠲᠣᠭᠠᠵᠢᠭᠤᠯᠤᠨ ᠡᠵᠡᠮᠰᠢᠬᠦ ᠨᠣᠷᠮ᠎ᠠ ᠶᠢ 61% ᠳᠤ ᠬᠦᠷᠦᠭᠦᠯᠦᠨ᠎ᠡ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠡᠨᠧᠷᠭᠢ ᠠᠷᠪᠢᠯᠠᠬᠤ᠂ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠭᠡᠬᠦ ᠲᠥᠷᠥᠯ ᠵᠦᠢᠯ ᠢ 70 ᠬᠡᠷᠡᠭᠵᠢᠭᠦᠯᠦᠨ᠂ ᠵᠢᠯ ᠤᠨ ᠳᠣᠲᠣᠷ᠎ᠠ | ᠡᠨᠧᠷᠭᠢ ᠠᠷᠪᠢᠯᠠᠭᠰᠠᠨ ᠬᠡᠮᠵᠢᠶ᠎ᠡ ᠶᠢ 50 ᠲᠦᠮᠡᠨ ᠲᠣᠨ ᠪᠠᠷᠢᠮᠵᠢᠶᠠᠲᠤ ᠨᠡᠭᠦᠷᠡᠰᠦ᠂ ᠤᠰᠤ ᠠᠷᠪᠢᠯᠠᠭᠰᠠᠨ ᠬᠡᠮᠵᠢᠶ᠎ᠡ ᠶᠢ | 700 ᠲᠦᠮᠡᠨ ᠲᠣᠨ ᠪᠡᠶᠡᠯᠡᠭᠦᠯᠵᠦ᠂ ᠪᠣᠯᠣᠳ ᠲᠡᠮᠦᠷ ᠤᠨ ᠬᠤᠴᠣᠷᠤᠩᠭᠤᠢ ᠬᠢᠵᠠᠭᠠᠷᠲᠠᠢ ᠦᠢᠯᠡᠳᠪᠦᠷᠢᠯᠡᠯ ᠤᠨ | ᠴᠢᠳᠠᠪᠤᠷᠢ ᠶᠢ 510 ᠲᠦᠮᠡᠨ ᠲᠣᠨ ᠪᠤᠴᠠᠭᠠᠨ ᠭᠠᠷᠭᠠᠵᠤ᠂ ᠪᠣᠬᠢᠷᠲᠤᠯ ᠦᠭᠡᠢ ᠦᠢᠯᠡᠳᠪᠦᠷᠢ ᠶᠢ 20᠂ ᠪᠣᠬᠢᠷᠲᠤᠯ ᠦᠭᠡᠢ | ᠬᠦᠷᠢᠶᠡᠯᠡᠩ ᠲᠣᠭᠤᠷᠢᠭ ᠢ 4 ᠡᠭᠦᠳᠦᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠴᠢᠯᠡᠭᠡᠨ ᠤ | ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷᠢᠯᠭ᠎ᠠ᠂ | ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠶᠡᠷᠦᠩᠬᠡᠶᠢᠯᠡᠭᠰᠡᠨ ᠪᠠᠷᠠᠭ᠎ᠠ | ᠲᠡᠭᠡᠭᠡᠪᠦᠷᠢᠯᠡᠬᠦ ᠬᠦᠢᠰᠦ ᠪᠦᠬᠦᠢ ᠬᠡᠯᠬᠢᠶ᠎ᠡ ᠶᠢ ᠨᠥᠬᠦᠪᠦᠷᠢᠯᠡᠬᠦ ᠴᠢᠩᠳᠠᠯᠠᠬᠤ ᠬᠤᠲᠠ ᠪᠠ ᠣᠳᠣ ᠦᠶ᠎ᠡ ᠶᠢᠨ ᠭᠦᠢᠯᠭᠡᠭᠡᠨ ᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠦᠬᠦᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠣᠯᠠᠨ ᠬᠡᠯᠪᠡᠷᠢ ᠪᠦᠬᠦᠢ ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠢᠨᠵᠧᠨᠧᠷᠢᠩ ᠢ ᠠᠬᠢᠭᠤᠯᠤᠨ᠂ ︽ | ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ ᠲᠦᠷᠭᠡᠨ ᠢᠯᠡᠭᠡᠯᠲᠡ︾ ᠶᠢᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠲᠣᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠵᠢᠭᠰᠠᠨ | ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ | ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠵᠢᠯᠲᠤ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ | ᠰᠲ᠋ᠣᠺ ᠤᠨ ᠵᠠᠬ᠎ᠠ ᠳᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠣᠯᠠᠨ ᠳᠡᠰ | ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ | ᠣᠯᠠᠨ ᠡᠰᠢᠵᠢᠭᠦᠯᠦᠭᠰᠡᠨ ᠪᠡᠯᠡ ᠲᠣᠬᠢᠷᠠᠭᠤᠯᠤᠯᠲᠠ ᠥᠷᠨᠢᠭᠦᠯᠬᠦ ᠶᠢ ᠠᠬᠢᠭᠤᠯᠤᠨ᠎ᠠ᠃ ᠯᠤᠤ ᠨᠢᠦ ᠸᠠᠨ ᠬᠠᠳᠤᠨ ᠭᠤᠣᠯ ᠤᠨ | ᠶᠡᠭᠡ ᠬᠠᠪᠴᠢᠯ᠂ ᠤᠯᠠᠭᠠᠢ ᠶᠢᠨ ᠶᠢᠰᠦᠨ ᠤᠭᠠᠯᠵᠠ ᠵᠡᠷᠭᠡ ᠦᠵᠡᠮᠵᠢ ᠶᠢᠨ ᠣᠷᠣᠨ ᠤ ᠤᠯᠤᠰ ᠤᠨ 5A ᠳᠡᠰ ᠤᠨ | ᠵᠢᠭᠤᠯᠴᠢᠯᠠᠯ ᠤᠨ ᠣᠷᠣᠨ ᠤ ᠪᠠᠷᠢᠮᠵᠢᠶ᠎ᠠ ᠶᠣᠰᠣᠭᠠᠷ ᠴᠢᠨᠠᠷ ᠢᠶᠠᠨ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠨᠢ ᠳᠡᠮᠵᠢᠨ᠂ | ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ︽ᠬᠥᠷ ᠬᠥᠭᠵᠢᠶᠡᠨᠲᠡᠢ | ᠬᠥᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠦᠨ᠂ ᠵᠢᠭᠤᠯᠴᠢᠯᠠᠭᠴᠢᠳ ᠢ ᠬᠦᠯᠢᠶᠡᠨ ᠵᠣᠴᠢᠯᠠᠬᠤ ᠬᠡᠮᠵᠢᠶ᠎ᠡ ᠶᠢ 2.5 | ᠳ᠋ᠦᠩᠰᠢᠭᠤᠷ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠵᠠᠶᠢᠯᠠᠰᠢ ᠦᠭᠡᠢ ᠴᠢᠨᠠᠷᠲᠠᠢ ᠪᠠ | ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠡᠯᠡᠨ ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠂ ᠴᠢᠨᠠᠷᠯᠢᠭ | ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ | ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ | ᠪᠠᠷᠢᠯᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠥᠷᠳᠡᠭ ᠢ 1650 ᠳ᠋ᠦᠩᠰᠢᠭᠤᠷ ᠲᠥᠭᠦᠷᠢᠭ ᠣᠷᠴᠢᠮ ᠳᠤ | ᠬᠦᠷᠦᠭᠦᠯᠬᠦ ᠪᠠᠷ ᠴᠢᠷᠮᠠᠶᠢᠨ᠎ᠠ᠃ ᠭᠡᠷ ᠠᠬᠤᠢ ᠶᠢᠨ ᠦᠢᠯᠡᠴᠢᠯᠡᠭᠡᠨ ᠤ ᠨᠢᠭᠡ ᠪᠦᠯᠦᠭ ᠨᠡᠷᠡᠲᠦ ᠲᠡᠮᠳᠡᠭ ᠢ ᠪᠤᠶᠢᠵᠢᠭᠤᠯᠤᠨ᠎ᠠ᠃ | ᠭᠤᠷᠪᠠ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠷᠡᠭᠯᠡᠭᠡ | ᠪᠠ ᠪᠡᠯᠡ ᠣᠷᠤᠭᠤᠯᠤᠯᠲᠠ ᠬᠠᠷᠢᠯᠴᠠᠨ ᠠᠬᠢᠭᠤᠯᠤᠯᠴᠠᠭᠰᠠᠨ ᠰᠠᠶᠢᠨ ᠣᠷᠴᠢᠯ ᠢ ᠲᠦᠷᠭᠡᠳᠬᠡᠨ ᠪᠣᠢ ᠪᠣᠯᠭᠠᠨ᠎ᠠ | ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠨ᠂ ᠳᠠᠯᠳᠠ ᠬᠡᠷᠡᠭᠯᠡᠭᠡ ᠶᠢ ᠬᠥᠭᠵᠢᠭᠡᠨ᠂ ᠦᠷ᠎ᠡ | ᠠᠰᠢᠭ ᠲᠠᠢ ᠪᠡᠯᠡ ᠣᠷᠤᠭᠤᠯᠤᠯᠲᠠ ᠶᠢ ᠥᠷᠭᠡᠳᠭᠡᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ | ᠬᠦᠴᠦᠨ ᠢ ᠴᠢᠩᠭᠠᠷᠠᠭᠤᠯᠤᠨ᠎ᠠ᠃ | ︵ᠨᠢᠭᠡ︶ ᠪᠡᠯᠡ ᠣᠷᠤᠭᠤᠯᠤᠯᠲᠠ ᠶᠢᠨ ᠬᠡᠮᠵᠢᠶ᠎ᠡ ᠴᠢᠨᠠᠷ ᠤᠨ ᠵᠡᠷᠭᠡ ᠪᠠᠷ ᠳᠡᠭᠡᠭᠰᠢᠯᠡᠬᠦ ᠶᠢ ᠯᠠᠪᠳᠠᠭᠤᠨ ᠠᠬᠢᠭᠤᠯᠤᠨ᠎ᠠ᠃ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ | ᠵᠦᠢᠯ ᠤᠨ ᠭᠤᠷᠪᠠᠨ ᠱᠠᠲᠤ ᠪᠠᠷ ᠢᠶᠠᠨ ᠤᠳᠤᠷᠢᠳᠤᠨ ᠳᠠᠭᠠᠭᠠᠴᠢᠯᠠᠨ ᠬᠠᠷᠢᠯᠴᠠᠬᠤ᠂ ᠴᠢᠬᠤᠯᠠ ᠶᠡᠭᠡ ᠲᠥᠷᠥᠯ ᠵᠦᠢᠯ ᠤᠨ | ᠲᠢᠩᠬᠢᠮ ᠬᠠᠮᠲᠤᠷᠠᠭᠰᠠᠨ ᠬᠤᠷᠠᠯ᠂ ᠡᠮᠦᠨᠡᠬᠢ ᠬᠤᠭᠤᠴᠠᠭᠠᠨ ᠤ ᠭᠠᠷᠳᠠᠮ ᠢ ᠭᠤᠷᠪᠠᠨ ᠱᠠᠲᠤᠨ ᠤ ᠰᠠᠯᠠᠭ᠎ᠠ ᠮᠥᠴᠢᠷ | ᠳᠠᠭᠠᠭᠠᠴᠢᠯᠠᠨ ᠬᠠᠷᠢᠯᠴᠠᠬᠤ ᠵᠡᠷᠭᠡ ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠥᠷᠥᠯ | ᠵᠦᠢᠯ ᠤᠨ ᠬᠠᠮᠢᠶᠠᠷᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠦᠷᠭᠦᠯᠵᠢᠯᠡᠨ | ᠰᠠᠶᠢᠲᠤᠷ ᠬᠢᠵᠦ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ᠂ ᠪᠡᠯᠡ ᠮᠥᠩᠭᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠦᠭᠦᠴᠡᠯ ᠵᠡᠷᠭᠡ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠥᠬᠦ ᠵᠢᠯ ᠤᠨ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ᠃ ᠪᠡᠯᠡ ᠣᠷᠣᠭᠤᠯᠬᠤ ᠪᠡᠯᠡ ᠲᠣᠬᠢᠷᠠᠭᠤᠯᠬᠤ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ | ᠳᠠᠶᠢᠴᠢᠯᠠᠵᠤ ᠥᠷᠪᠢᠰᠭᠡᠬᠦ ᠨᠥᠯᠥᠭᠡᠯᠡᠯ ᠢ ᠨᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ | ᠲᠣᠭᠲᠠᠮᠠᠯ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠦᠨ᠎ᠡ᠃ | ︵ᠬᠤᠶᠠᠷ︶ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠭᠡᠵᠦ ᠴᠢᠨᠠᠷ ᠢ ᠨᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ | ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠳ᠋ᠷᠣᠨ ᠦᠢᠯᠡᠳᠭᠦᠨ ᠵᠡᠷᠭᠡ ᠥᠷᠭᠡᠨ ᠬᠡᠷᠡᠭᠴᠡᠭᠡᠨ ᠤ | ᠬᠡᠷᠡᠭᠯᠡᠭᠡ ᠶᠢ ᠬᠥᠭᠵᠢᠭᠦᠯᠵᠦ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠶᠠᠪᠠᠭᠠᠨ ᠵᠡᠭᠡᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ ᠪᠠᠷ ᠬᠥᠲᠥᠯᠥᠨ ᠵᠢᠯᠣᠭᠤᠳᠴᠦ᠂ ᠰᠢᠶᠠᠨ ᠤ | ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠤ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠠᠮᠠᠷᠠᠯᠲᠠ ᠪᠠ ᠪᠠᠶᠠᠷ ᠳᠤᠷᠠᠰᠬᠠᠯ ᠤᠨ ᠡᠳᠦᠷ ᠵᠡᠷᠭᠡ ᠬᠡᠷᠡᠭᠯᠡᠭᠡ ᠶᠢᠨ ᠬᠠᠯᠠᠮᠰᠢᠯ ᠴᠡᠭ ᠢ | ᠨᠢᠭᠲᠠ ᠠᠳᠬᠤᠵᠤ᠂ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠪᠠᠶᠢᠭᠠᠳ ᠡᠯ᠎ᠡ ᠲᠥᠷᠥᠯ ᠤᠨ ᠣᠯᠠᠨ ᠶᠠᠩᠵᠤ ᠬᠡᠯᠪᠡᠷᠢ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ | ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠨ᠂ ᠡᠯᠧᠺᠳ᠋ᠷᠣᠨ ᠬᠤᠳᠠᠯᠳᠤᠭᠠᠠᠨ ᠤ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠣᠶᠤᠨᠯᠢᠭ ᠭᠡᠷ ᠥᠷᠥᠭᠡ᠂ ᠰᠣᠶᠣᠯ ᠵᠤᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ | ᠰᠢᠨ᠎ᠡ ᠬᠡᠷᠡᠭᠯᠡᠭᠡ ᠶᠢᠨ ᠥᠰᠦᠯᠲᠡ ᠶᠢᠨ ᠴᠡᠭ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠲᠣᠣᠷ | ᠰᠦᠯᠵᠢᠶᠡᠨ ᠤ ᠬᠡᠷᠡᠭᠯᠡᠭᠡ᠂ ᠲᠣᠭᠠᠵᠢᠯᠲᠤ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠶᠢᠨ ᠳᠠᠯᠳᠠ | ᠬᠦᠴᠦᠨ ᠢ ᠰᠡᠷᠭᠦᠭᠡᠨ᠎ᠡ᠃ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ | ᠰᠢᠨ᠎ᠡ ᠪᠠᠷ ᠰᠣᠯᠢᠬᠤ ᠶᠢ ᠠᠬᠢᠭᠤᠯᠤᠨ᠎ᠠ᠃ | ︵ᠭᠤᠷᠪᠠ︶ ᠴᠢᠬᠤᠯᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ G5511 | ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ᠂ ᠬᠥᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠪᠠ ᠨᠢᠰᠦᠯᠲᠡ ᠶᠢᠨ ᠲᠣᠭᠤᠷᠢᠭ ᠵᠡᠷᠭᠡ ᠲᠥᠷᠥᠯ ᠵᠦᠢᠯ ᠢ | ᠪᠠᠶᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ | ᠱᠤᠭᠤᠮ ᠢ ᠪᠠᠭᠲᠠᠭᠠᠨ᠎ᠠ︶᠂ G1816 ᠦᠬᠠᠢ — ᠱᠢ ᠽᠦᠢ ᠱᠠᠨ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠮᠤᠬᠤᠷ ᠵᠠᠮ ᠢ ᠬᠦᠴᠦᠯᠡᠨ ᠨᠡᠪᠲᠡᠷᠡᠭᠦᠯᠵᠦ᠂ ᠪᠣᠭᠤᠮᠢ ᠬᠦᠯᠢᠶᠡᠰᠦᠯᠡᠯ ᠪᠣᠯᠬᠤ ᠵᠠᠮ ᠢ ᠳᠡᠰ | ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠤ ᠶᠡᠭᠡ ᠨᠡᠪᠲᠡᠷᠡᠯ | ᠵᠠᠮ ᠤᠨ ᠪᠥᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠦᠨ᠂ ᠵᠢᠨᠢᠩ ᠠᠴᠠ ᠳ᠋ᠠᠲ᠋ᠦ᠋ᠩ ᠠᠴᠠ ᠶᠤᠸᠠᠨᠫᠢᠩ ᠬᠦᠷᠬᠦ ᠲᠦᠷᠭᠡᠨ ᠤ | ᠲᠡᠮᠦᠷ ᠵᠠᠮ ᠢ ᠪᠠᠶᠢᠭᠤᠯᠵᠤ ᠲᠡᠷᠭᠡ ᠨᠡᠪᠲᠡᠷᠡᠭᠦᠯᠦᠨ᠂ ᠣᠷᠳᠣᠰ ᠠᠴᠠ ᠢᠥᠢ ᠯᠢᠨ ᠠᠴᠠ ᠶᠠᠨ ᠠᠨ ᠬᠦᠷᠬᠦ ᠲᠦᠷᠭᠡᠨ ᠤ | ᠲᠡᠮᠦᠷ ᠵᠠᠮ ᠤᠨ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠨᠦᠭᠦᠴᠡᠯ ᠢ ᠪᠦᠷᠢᠯᠳᠦᠭᠦᠯᠦᠨ᠂ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠳ᠋ᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ᠂ | 4400 ᠺᠢᠯᠣᠮᠧᠳ᠋ᠷ ᠢ ᠪᠠᠶᠢᠭᠤᠯᠵᠤ ᠳᠠᠭᠤᠰᠬᠠᠬᠤ ᠪᠠᠷ ᠬᠦᠴᠦᠯᠡᠨ ᠴᠢᠷᠮᠠᠶᠢᠨ᠎ᠠ᠃ | ᠳᠥᠷᠪᠡ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠦᠨᠡᠨᠴᠢ ᠢᠲᠡᠭᠡᠮᠵᠢ ᠶᠢᠨ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠨ᠎ᠡ᠃ | ︵ᠨᠢᠭᠡ︶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠣᠨ︾ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠶᠡᠷᠦᠩᠬᠡᠢ ᠲᠥᠰᠥᠯ ᠢ ᠨᠡᠶᠢᠲᠡᠯᠡᠨ ᠬᠡᠷᠡᠭᠵᠢᠭᠦᠯᠵᠦ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠤᠨ ᠬᠠᠥᠯᠢ | ᠲᠣᠭᠲᠠᠭᠠᠬᠤ ᠠᠵᠢᠯ ᠢ ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠨᠢᠭᠡ ᠪᠦᠯᠦᠭ | ᠲᠣᠪᠤᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ | ᠪᠠᠶᠢᠭᠤᠯᠤᠯᠲᠠ ᠶᠢᠨ ᠬᠦᠴᠢᠷ ᠠᠰᠠᠭᠤᠳᠠᠯ ᠲᠦᠭᠵᠢᠷᠡᠯ ᠠᠰᠠᠭᠤᠳᠠᠯ ᠢ ᠰᠢᠢᠳᠪᠦᠷᠢᠯᠡᠨ᠂ ᠬᠥᠮᠥᠨ ᠪᠣᠯᠭᠠᠨ᠂ ᠶᠠᠪᠤᠳᠠᠯ | ᠪᠣᠯᠭᠠᠨ᠂ ᠴᠠᠭ ᠪᠣᠯᠭᠠᠨ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠳᠤ ᠠᠰᠢᠭᠲᠠᠢ ᠤᠷᠮᠠᠰᠢᠭᠤᠯᠤᠨ | ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠳᠤ ᠢᠲᠡᠭᠡᠭᠦᠯᠬᠦ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠥᠪᠥᠷ ᠮᠣᠩᠭᠤᠯᠴᠤᠳ ᠤᠨ ᠦᠨᠡᠨᠴᠢ ᠢᠲᠡᠭᠡᠮᠵᠢ ᠶᠢ ᠡᠷᠬᠢᠮᠯᠡᠨ᠂ ᠢᠲᠡᠭᠡᠮᠵᠢ ᠲᠠᠢ ᠪᠠᠶᠢᠬᠤ | ᠳᠦᠷᠢ ᠲᠥᠷᠬᠦ ᠶᠢ ᠪᠣᠢ ᠪᠣᠯᠭᠠᠨ᠂ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ | ᠣᠷᠴᠢᠨ ᠨᠦᠭᠦᠴᠡᠯ ᠪᠣᠢ ᠪᠣᠯᠭᠠᠨ᠎ᠠ᠃ | ︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ︽ᠬᠤᠶᠠᠷ ᠣᠭᠲᠣ | ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠥᠯ ᠢ | ᠲᠣᠭᠲᠠᠭᠠᠨ ᠨᠡᠶᠢᠲᠡᠯᠡᠵᠦ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ | ᠲᠣᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠬᠡᠷᠡᠭᠵᠢᠭᠦᠯᠦᠨ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠵᠦᠢᠯᠡᠰ ᠤᠨ ᠲᠣᠳᠣᠷᠬᠠᠢ | ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ | ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠤᠶᠢᠵᠢᠭᠤᠯᠵᠤ᠂ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠬᠤ︾ ᠶᠢ 400 ᠡᠷᠦᠬᠡ ᠠᠴᠠ | ᠳᠡᠭᠡᠭᠰᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ | ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ︽ᠥᠪᠥᠷ ᠮᠣᠩᠭᠤᠯ ᠨᠡᠷᠡᠮᠵᠢᠲᠦ︾ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠩᠨᠡᠭᠡ ᠶᠢ ᠲᠦᠷᠭᠡᠳᠬᠡᠨ ᠪᠠᠶᠢᠭᠤᠯᠵᠤ᠂ ᠭᠠᠵᠠᠷ ᠰᠢᠨᠵᠢᠯᠡᠭᠡ ᠠᠭᠤᠷᠬᠠᠢ᠂ | ᠨᠡᠭᠦᠷᠡᠰᠦ ᠬᠠᠶᠢᠬᠤ᠂ ᠥᠩᠭᠡᠲᠦ ᠲᠡᠮᠦᠷᠯᠢᠭ 3 ᠠᠵᠤ ᠠᠬᠤᠶᠢᠯᠠᠯ ᠳᠤ ᠥᠭᠡᠷᠡᠴᠢᠯᠡᠯᠲᠡ ᠬᠢᠵᠦ ᠳᠠᠬᠢᠨᠲᠠ ᠵᠣᠬᠢᠶᠠᠨ | ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠣᠳᠣ ᠦᠶ᠎ᠡ ᠶᠢᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠭᠤᠷᠪᠠᠨ | ᠵᠦᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠯᠳᠠᠪᠤᠷᠢ ᠶᠢᠨ | ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠢᠶᠠᠨ ᠳᠡᠭᠡᠭᠰᠢᠯᠡᠭᠦᠯᠵᠦ ᠬᠥᠷᠥᠩᠭᠡ ᠪᠠᠨ | ᠨᠡᠮᠡᠭᠳᠡᠭᠦᠯᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠭᠡ ᠪᠠᠷ ᠠᠬᠢᠭᠤᠯᠤᠨ᠎ᠠ᠃ ᠠᠵᠤ ᠠᠬᠤᠶᠢᠯᠠᠯ ᠤᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠪᠣᠭᠤᠮᠲᠠ ᠰᠢᠪᠲᠤᠯᠬᠤ ᠶᠢ ᠴᠢᠩᠭᠠᠷᠠᠭᠤᠯᠬᠤ ᠶᠢ ᠨᠢ ᠳᠡᠮᠵᠢᠵᠦ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠦᠢᠯᠡᠳᠪᠦᠷᠢ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ᠲᠠᠪᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠰᠢᠪᠲᠤᠯᠤᠯᠲᠠ ᠶᠢᠨ ᠳᠠᠶᠢᠯᠠᠯᠳᠤᠭᠠᠨ ᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠯᠤᠭ᠎ᠠ ᠨᠡᠶᠢᠯᠡᠭᠦᠯᠦᠨ ᠨᠢᠭᠡ | ᠴᠣᠭᠴᠠ ᠪᠣᠯᠭᠠᠬᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠪᠡᠶᠡᠯᠡᠭᠦᠯᠵᠦ᠂ ᠠᠮᠢ | ᠠᠬᠤᠢ ᠶᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠣᠯᠠᠨ ᠲᠠᠯ᠎ᠠ ᠪᠠᠷ | ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ | ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃ | ︵ᠨᠢᠭᠡ︶ ︽ᠤᠮᠠᠷᠠᠲᠤ ᠶᠢᠨ ᠭᠤᠷᠪᠠᠨ ᠣᠷᠣᠨ︾ ᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ | ᠰᠠᠶᠢᠲᠤᠷ ᠪᠡᠶᠡᠯᠡᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠭᠠᠨ ᠬᠤᠭᠤᠴᠠᠭᠠᠨ ᠤ | ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ | ᠨᠠᠶᠢᠳᠠᠪᠤᠷᠢᠵᠢᠭᠤᠯᠤᠨ᠂ ᠬᠠᠳᠤᠨ ᠭᠤᠣᠯ ᠤᠨ ︽ᠶᠡᠭᠡ ᠲᠣᠬᠤᠢ︾ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠶᠡᠷᠦᠩᠬᠡᠶᠢᠯᠡᠭᠰᠡᠨ ᠵᠠᠰᠠᠯᠲᠠ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ | ᠵᠠᠰᠠᠯᠲᠠ᠂ ᠲᠡᠭᠷᠢ — ᠪᠠᠳᠠᠢ ᠶᠢᠨ ᠵᠢᠷᠠᠨ ᠤ ᠡᠯᠡᠰᠦᠨ ᠴᠥᠯ ᠤᠨ ᠬᠥᠪᠡᠭᠡ ᠶᠢ ᠴᠢᠳᠦᠷᠯᠡᠬᠦ ᠵᠠᠰᠠᠯᠲᠠ᠂ ᠥᠪᠥᠷ | ᠮᠣᠩᠭᠤᠯ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ᠂ ᠶᠡᠭᠡ ᠬᠢᠩᠭᠠᠨ ᠳᠠᠪᠠᠭᠠᠨ ᠤ ᠣᠢ | ᠰᠢᠭᠤᠢ ᠶᠢᠨ ᠠᠮᠢ ᠠᠬᠤᠢ ᠶᠢ ᠪᠠᠲᠤᠯᠠᠨ ᠬᠠᠮᠠᠭᠠᠯᠠᠵᠤ ᠪᠤᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ᠂ ᠤᠯᠤᠰ ᠤᠨ ᠡᠯᠡᠰᠦ | ᠮᠠᠩᠬᠠᠨ ᠤ ᠴᠡᠴᠡᠷᠯᠢᠭ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠪᠴᠢ᠂ ᠤᠯᠠᠭᠠᠨᠪᠤᠬ᠎ᠠ ᠵᠡᠷᠭᠡ ᠡᠯᠡᠰᠦᠨ ᠴᠥᠯ ᠢ ᠴᠢᠳᠦᠷᠯᠡᠬᠦ | ᠣᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠤ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ 549 ᠲᠦᠮᠡᠨ ᠮᠦ᠂ ᠾᠧᠰᠢ ᠶᠢᠨ ᠬᠤᠩᠬᠢᠯ — ᠲᠠᠺᠯᠢᠮᠠᠺᠠᠨ | ᠡᠯᠡᠰᠦᠨ ᠴᠥᠯ ᠤᠨ ᠬᠥᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ 131 ᠲᠦᠮᠡᠨ ᠮᠦ ᠶᠢᠨ ᠡᠭᠦᠷᠭᠡ ᠶᠢ | ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠴᠥᠯ ᠭᠤᠪᠢ ᠴᠥᠯᠡᠷᠬᠡᠭ ᠣᠷᠣᠨ ᠤ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠳᠤ | ᠰᠢᠨ᠎ᠡ ᠶᠢ ᠡᠭᠦᠳᠦᠨ᠂ ᠪᠡᠯᠡ ᠣᠷᠤᠭᠤᠯᠤᠯᠲᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠰᠠᠭᠤᠷᠢ ᠮᠥᠩᠭᠦ ᠶᠢ ᠲᠣᠬᠢᠷᠠᠭᠤᠯᠵᠤ | ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠴᠢᠳᠠᠯ ᠢ ᠬᠥᠲᠥᠯᠥᠨ ᠵᠢᠯᠣᠭᠤᠳᠴᠦ ᠪᠠᠶᠢᠭᠠᠳ ᠨᠡᠩ ᠢᠯᠡᠭᠦᠦ | ᠣᠷᠣᠯᠴᠠᠭᠤᠯᠤᠨ᠂ ᠬᠥᠪᠴᠢ ᠶᠢᠨ ᠡᠯᠡᠰᠦᠨ ᠴᠥᠯ ᠢ ᠵᠠᠰᠠᠭᠰᠠᠨ᠂ ᠳ᠋ᠧᠩᠺᠧᠦ ᠶᠢᠨ ᠵᠠᠭᠪᠤᠷ ᠵᠡᠷᠭᠡ ᠨᠡᠶᠢᠲᠡᠯᠢᠭ | ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠦᠨ᠎ᠡ᠃ | ︵ᠬᠤᠶᠠᠷ︶ ᠦᠵᠡᠰᠭᠦᠯᠡᠩᠲᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ | ᠰᠢᠷ᠎ᠠ ᠬᠥᠷᠥᠰᠥᠲᠦ ᠥᠨᠳᠦᠷᠯᠢᠭ ᠤᠨ ᠨᠥᠯᠥᠮᠡᠯ ᠭᠠᠵᠠᠷ ᠤᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ᠂ ᠵᠡᠭᠦᠨ ᠬᠤᠶᠢᠲᠤ | ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ᠂ ᠬᠥᠲᠥᠯ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠵᠠᠰᠠᠬᠤ | ᠵᠡᠷᠭᠡ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭᠠᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠤᠨ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ | ᠂ ᠪᠥᠬᠦ ᠵᠢᠯ ᠳᠤ 300 ᠲᠦᠮᠡᠨ ᠮᠦ ᠠᠴᠠ ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ | ᠲᠠᠷᠢᠬᠤ᠂ 1500 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠠᠴᠠ | ᠪᠠᠭᠤᠯᠭᠠᠭᠰᠠᠨ ᠣᠨ ᠤ ᠡᠯ᠎ᠡ ᠵᠦᠢᠯ ᠤᠨ ᠬᠦᠯᠢᠶᠡᠰᠦᠯᠡᠬᠦ ᠴᠢᠨᠠᠷᠲᠠᠢ ᠭᠦᠢᠴᠡᠳᠭᠡᠯ ᠲᠣᠭᠠᠨ ᠤ ᠡᠭᠦᠷᠭᠡ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠭᠡᠬᠦ ᠠᠵᠢᠯ ᠢ ᠲᠦᠷᠭᠡᠳᠬᠡᠨ | ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠭᠤᠣᠯ | ᠮᠥᠷᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠬᠠᠳᠤᠨ ᠭᠤᠣᠯ ᠳᠤ ᠤᠷᠤᠰᠤᠨ ᠣᠷᠣᠬᠤ ᠰᠠᠯᠪᠤᠷᠢ ᠤᠷᠤᠰᠬᠠᠯ ᠤᠨ ᠴᠢᠨᠠᠷ ᠢ ᠨᠢ ᠰᠠᠶᠢᠵᠢᠷᠠᠭᠤᠯᠬᠤ ᠦᠷ᠎ᠡ ᠪᠦᠲᠦᠭᠡᠯ ᠪᠠ | ᠬᠠᠷ᠎ᠠ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ︽ᠬᠥᠯᠥᠨ ᠨᠠᠭᠤᠷ | ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ | ᠭᠦᠨᠵᠡᠭᠡᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠪᠠ ᠠᠮᠢ ᠠᠬᠤᠢ ᠶᠢ | ᠰᠡᠷᠭᠦᠭᠡᠬᠦ ᠶᠢ ᠠᠬᠢᠭᠤᠯᠤᠨ᠎ᠠ᠃ ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ᠂ ᠴᠢᠩᠭ᠎ᠠ ᠬᠠᠮᠢᠶᠠᠷᠤᠨ ᠡᠵᠡᠮᠳᠡᠬᠦ | ᠲᠥᠷᠥᠯ ᠤᠨ ᠲᠠᠷᠢᠶᠠᠯᠠᠬᠤ ᠭᠠᠵᠠᠷ ᠢ ᠬᠠᠮᠢᠶᠠᠷᠤᠨ ᠡᠵᠡᠮᠳᠡᠬᠦ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠵᠡᠷᠭᠡ ᠭᠠᠵᠠᠷ ᠣᠷᠣᠨ ᠤ ᠠᠮᠢ ᠠᠬᠤᠢ ᠶᠢᠨ | ᠪᠦᠲᠦᠭᠡᠭᠳᠡᠭᠦᠨ ᠤ ᠦᠨ᠎ᠡ ᠥᠷᠳᠡᠭ ᠢ ᠢᠯᠡᠷᠡᠭᠦᠯᠬᠦ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠨ᠎ᠡ᠃ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠣᠷᠴᠢᠯᠳᠤᠭᠤᠯᠵᠤ ᠥᠨᠳᠥᠷ ᠪᠦᠲᠦᠮᠵᠢ ᠲᠠᠢ ᠪᠠᠷ | ᠠᠰᠢᠭᠯᠠᠬᠤ ᠶᠢ ᠴᠢᠩᠭᠠᠳᠬᠠᠨ᠎ᠠ᠃ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠭᠦᠨᠵᠡᠭᠡᠶᠢᠷᠡᠭᠦᠯᠦᠨ | ᠥᠷᠭᠡᠳᠭᠡᠨ᠎ᠡ᠃ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠵᠢᠯ ᠤᠨ ᠤᠰᠤ | ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ ᠮᠧᠳ᠋ᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ | ᠪᠦᠷᠢ ᠶᠢᠨ ᠤᠯᠤᠰ ᠤᠨ ᠳᠣᠲᠣᠭᠠᠳᠤᠬᠢ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠤᠰᠤ ᠬᠡᠷᠡᠭᠯᠡᠬᠦ ᠬᠡᠮᠵᠢᠶ᠎ᠡ᠂ | ᠲᠦᠮᠡᠨ ᠲᠥᠭᠦᠷᠢᠭ ᠪᠦᠷᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠣᠰ | ᠲᠣᠰ 2020 ᠣᠨ ᠤ ᠬᠢ ᠠᠴᠠ 9% ᠪᠠ 10% ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ | ᠤᠰᠤ ᠶᠢ ᠪᠦᠲᠦᠮᠵᠢᠲᠡᠢ ᠠᠰᠢᠭᠯᠠᠬᠤ ᠢᠯᠡᠳᠬᠡᠮᠵᠢ ᠲᠤᠭ᠎ᠠ ᠶᠢ 0.582 ᠪᠣᠯᠲᠠᠯ᠎ᠠ ᠳᠡᠭᠡᠭᠰᠢᠯᠡᠭᠦᠯᠦᠨ᠂ ᠲᠠᠷᠢᠶᠠᠯᠠᠩ ᠤᠨ | ᠤᠰᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠦᠭᠰᠡᠨ ᠲᠠᠯᠠᠪᠠᠢ ᠶᠢ 4747 ᠲᠦᠮᠡᠨ ᠮᠦ ᠳᠤ ᠬᠦᠷᠭᠡᠵᠦ᠂ | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ᠂ ᠴᠤᠤᠯ ᠭᠤᠣᠯ ᠤᠨ ᠤᠰᠤ ᠶᠢ ᠲᠠᠲᠠᠵᠤ | ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤᠨ | ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ᠂ ︽ᠬᠥᠨᠳᠡᠶᠢᠷᠡᠭᠰᠡᠨ ᠲᠣᠰᠬᠤᠨ︾ ᠤ ᠵᠠᠰᠠᠯᠲᠠ ᠪᠠ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠤ ᠣᠷᠣᠭᠤᠯᠬᠤ ᠶᠢ ᠠᠬᠢᠭᠤᠯᠤᠨ᠂ | ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ 1.4 ᠲᠦᠮᠡᠨ ᠮᠦ᠂ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠥᠷᠥᠯ ᠵᠦᠢᠯ ᠢ 25 ᠲᠦᠮᠡᠨ ᠮᠦ ᠪᠡᠶᠡᠯᠡᠭᠦᠯᠵᠦ᠂ ᠡᠯ᠎ᠡ | ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠦᠯᠦᠭᠰᠡᠨ ᠠᠵᠤ ᠦᠢᠯᠡᠳᠪᠦᠷᠢ ᠳᠤ ᠬᠡᠷᠡᠭᠯᠡᠬᠦ | ᠭᠠᠵᠠᠷ ᠢ ᠪᠥᠬᠦᠨ ᠢ ︽ᠪᠠᠷᠢᠮᠵᠢᠶᠠᠲᠤ ᠭᠠᠵᠠᠷ︾ ᠢᠶᠠᠷ ᠬᠠᠩᠭᠠᠬᠤ ᠶᠢ ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠮᠦ ᠪᠦᠷᠢ ᠶᠢᠨ ᠪᠡᠯᠡ ᠣᠷᠤᠭᠤᠯᠤᠯᠲᠠ᠂ ᠦᠢᠯᠡᠳᠪᠦᠷᠢᠯᠡᠯ ᠤᠨ ᠥᠷᠳᠡᠭ᠂ ᠭᠠᠶᠢᠯᠢ ᠲᠠᠲᠠᠪᠤᠷᠢ ᠶᠢ ᠲᠣᠰ | ᠪᠦᠷᠢ 2%᠂ 3%᠂ ᠪᠠ 4% ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠣᠷᠴᠢᠯ ᠠᠵᠤ ᠦᠢᠯᠡᠰ ᠢ ᠬᠥᠭᠵᠢᠭᠦᠯᠵᠦ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠯᠠᠷᠢᠭᠤᠯᠤᠨ ᠠᠰᠢᠭᠯᠠᠬᠤ ᠶᠢ ᠠᠬᠢᠭᠤᠯᠤᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ | ᠬᠤᠶᠠᠷ ᠢ ᠬᠢᠵᠠᠭᠠᠷᠯᠠᠵᠤ ᠪᠠᠶᠢᠭᠰᠠᠨ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢᠨ ᠬᠤᠶᠠᠷ ᠢ ᠬᠢᠵᠠᠭᠠᠷᠯᠠᠬᠤ | ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠠᠬᠢᠭᠤᠯᠤᠨ᠂ ︽1+N+X︾ | ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠪᠤᠭᠤᠲᠤ | ᠬᠤᠲᠠ᠂ ᠣᠷᠳᠣᠰ ᠬᠤᠲᠠ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︽ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ | ᠪᠠᠭᠤᠷᠠᠭᠤᠯᠬᠤ ᠠᠷᠪᠠᠨ ᠬᠤᠶᠠᠷ ᠶᠡᠭᠡ ᠠᠵᠢᠯᠯᠠᠭᠠᠨ︾ ᠢ ᠲᠥᠯᠥᠪᠯᠡᠭᠡ ᠲᠠᠢ ᠪᠠᠷ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠴᠣᠭᠴᠠᠯᠠᠵᠤ᠂ ᠰᠢᠨ᠎ᠡ | ᠲᠥᠷᠥᠯ ᠵᠦᠢᠯ ᠳᠤ ᠥᠨᠳᠥᠷ ᠬᠠᠷᠢᠴᠠᠯᠳᠤ ᠪᠣᠬᠢᠷᠲᠤᠯ ᠦᠭᠡᠢ ᠴᠠᠬᠢᠯᠭᠠᠨ ᠢ ᠬᠡᠷᠡᠭᠯᠡᠬᠦ᠂ ᠡᠨᠧᠷᠭᠢ ᠶᠡᠭᠡ ᠠᠴᠢᠶᠠᠯᠠᠬᠤ | ᠳᠠᠭᠠᠭᠠᠴᠠ ᠲᠠᠢ ᠬᠠᠳᠠᠭᠠᠯᠠᠯᠲᠠ ᠶᠢ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠡᠯᠪᠡᠷᠢ ᠶᠢᠨ | ᠡᠨᠧᠷᠭᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ | ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠶᠢ ᠯᠠᠪᠳᠠᠭᠤᠨ | ᠡᠭᠦᠷᠬᠡᠯᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠪᠥᠬᠦ ᠬᠦᠴᠦᠨ ᠢᠶᠠᠷ ᠰᠠᠶᠢᠲᠤᠷ ᠬᠥᠭᠵᠢᠭᠦᠯᠦᠨ᠂ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ ᠴᠢᠩᠭᠠᠳᠬᠠᠵᠤ᠂ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠨ ᠲᠡᠭᠦᠯᠳᠡᠷ ᠪᠦᠲᠦᠭᠡᠨ ᠪᠠᠶᠢᠭᠤᠯᠤᠨ᠎ᠠ᠃ | ︵ᠨᠢᠭᠡ︶ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ 700 | ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠢ ᠪᠠᠷᠢᠯᠭ᠎ᠠ ᠡᠬᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1.37 ᠳ᠋ᠦᠩᠰᠢᠭᠤᠷ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠂ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ | ᠬᠡᠪᠴᠢᠶ᠎ᠡ ᠠᠴᠠ ᠳᠠᠪᠠᠭᠤᠯᠬᠤ ᠶᠢ ᠵᠢᠯ ᠤᠷᠢᠳᠴᠢᠯᠠᠨ ᠪᠡᠶᠡᠯᠡᠭᠦᠯᠦᠨ᠎ᠡ᠃ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤ ᠪᠠᠨ | ᠪᠠᠭᠲᠠᠭᠠᠨ ᠰᠢᠩᠭᠡᠭᠡᠬᠦ ᠶᠢ ᠶᠡᠭᠡ ᠪᠠᠷ ᠠᠬᠢᠭᠤᠯᠤᠨ᠂ ︽ᠰᠢᠨ᠎ᠡ ᠡᠨᠧᠷᠭᠢ +︾ ᠵᠠᠬ᠎ᠠ ᠳᠡᠯᠭᠡᠭᠦᠷᠴᠢᠯᠡᠭᠰᠡᠨ ᠬᠡᠷᠡᠭᠯᠡᠭᠡᠨ ᠤ | ᠪᠠᠶᠢᠳᠠᠯ ᠢ ᠨᠡᠩ ᠣᠯᠠᠨ ᠰᠤᠳᠤᠯᠤᠨ ᠭᠠᠷᠭᠠᠵᠤ᠂ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ ᠶᠡᠷᠦᠩᠬᠡᠢ ᠬᠡᠮᠵᠢᠶ᠎ᠡ ᠪᠠ | ᠬᠠᠷᠢᠴᠠᠯ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ ᠤᠯᠤᠰ ᠤᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠴᠣᠭᠴᠠᠯᠠᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ | ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ | ᠠᠬᠢᠭᠤᠯᠤᠨ᠂ ᠨᠡᠭᠦᠷᠡᠰᠦ ᠪᠠᠷ ᠳᠡᠭᠡᠳᠦ ᠳᠡᠰ ᠤᠨ ᠬᠢᠮᠢ ᠶᠢᠨ ᠦᠢᠯᠡᠳᠭᠦᠨ ᠦᠢᠯᠡᠳᠬᠦ᠂ ᠨᠡᠭᠦᠷᠡᠰᠦ ᠪᠠᠷ ᠳᠡᠭᠡᠳᠦ ᠳᠡᠰ ᠤᠨ | ᠨᠡᠭᠦᠷᠡᠰᠦᠨ ᠤ ᠮᠠᠲ᠋ᠧᠷᠢᠶᠠᠯ ᠦᠢᠯᠡᠳᠬᠦ ᠵᠡᠷᠭᠡ ᠮᠡᠷᠭᠡᠵᠢᠯ ᠳᠤ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠨᠡᠭᠦᠷᠡᠰᠦ ᠪᠠᠷ | ᠲᠣᠰᠣ ᠦᠢᠯᠡᠳᠬᠦ ᠭᠠᠷᠤᠯᠲᠠ ᠶᠢ 110 ᠲᠦᠮᠡᠨ ᠲᠣᠨ ᠣᠷᠴᠢᠮ ᠳᠤ ᠲᠣᠭᠲᠠᠪᠤᠷᠢᠵᠢᠭᠤᠯᠤᠨ᠂ ᠨᠡᠭᠦᠷᠡᠰᠦ ᠪᠠᠷ ᠬᠡᠢ | ᠦᠢᠯᠡᠳᠬᠦ ᠭᠠᠷᠤᠯᠲᠠ ᠶᠢ 33 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠳᠤ ᠬᠦᠷᠦᠭᠦᠯᠦᠨ᠎ᠡ᠃ | ︵ᠬᠤᠶᠠᠷ︶ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦ | ᠦᠢᠯᠡᠳᠪᠦᠷᠢᠯᠡᠬᠦ ᠴᠢᠳᠠᠪᠤᠷᠢ ᠶᠢ ᠶᠡᠷᠦᠩᠬᠡᠢ ᠳᠤ ᠪᠠᠨ ᠲᠣᠭᠲᠠᠪᠤᠷᠢᠲᠠᠢ ᠪᠠᠶᠢᠯᠭᠠᠵᠤ᠂ ᠨᠡᠭᠦᠷᠡᠰᠦᠨ ᠠᠭᠤᠷᠬᠠᠢ ᠶᠢᠨ | ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠨ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠬᠦ ᠪᠠ | ᠨᠡᠮᠡᠵᠦ ᠨᠦᠬᠡᠴᠡᠯᠡᠨ ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠭᠠᠷᠤᠯᠲᠠ ᠶᠢ 12 | ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠬᠤ᠂ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ 300 | ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢ 310 ᠳ᠋ᠦᠩᠰᠢᠭᠤᠷ | ᠺᠦᠪ ᠮᠧᠳ᠋ᠷ ᠣᠷᠴᠢᠮ ᠳᠤ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠨᠢᠭᠡᠨᠲᠡ ᠬᠠᠷᠭᠤᠭᠤᠯᠤᠨ | ᠵᠥᠪᠰᠢᠶᠡᠷᠡᠭᠦᠯᠦᠭᠰᠡᠨ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ | ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠪᠠ ᠰᠢᠨ᠎ᠡ ᠡᠨᠧᠷᠭᠢ ᠶᠢᠨ ᠪᠠᠭᠲᠠᠭᠠᠨ | ᠰᠢᠩᠭᠡᠭᠡᠬᠦ ᠶᠢ ᠠᠬᠢᠭᠤᠯᠬᠤ ᠨᠢᠭᠡ ᠪᠦᠯᠦᠭ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ | ᠪᠠᠶᠢᠷᠢᠰᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ︽ᠳᠥᠷᠪᠡᠨ ᠬᠥᠨᠳᠡᠯᠡᠨ ᠲᠠᠪᠤᠨ ᠭᠤᠯᠳᠤ︾᠂ ᠥᠪᠥᠷ | ᠮᠣᠩᠭᠤᠯ ᠤᠨ ᠵᠡᠭᠦᠨ ᠬᠡᠰᠡᠭ ᠤᠨ ︽ᠬᠤᠶᠠᠷ ᠭᠤᠯᠳᠤ ᠨᠠᠢᠮᠠᠨ ᠬᠥᠨᠳᠡᠯᠡᠨ︾ ᠴᠠᠬᠢᠯᠭᠠᠨ ᠬᠦᠴᠦᠨ ᠤ ᠲᠣᠣᠷ ᠤᠨ ᠭᠤᠣᠯ | ᠪᠣᠯᠬᠤ ᠲᠣᠣᠷᠯᠢᠭ ᠪᠦᠲᠦᠴᠡ ᠶᠢ ᠲᠦᠷᠭᠡᠳᠬᠡᠨ ᠪᠠᠶᠢᠭᠤᠯᠵᠤ᠂ ᠪᠠᠲᠤ ᠪᠠᠬᠢ ᠪᠥᠭᠡᠳ ᠤᠶᠠᠬᠠᠨ ᠴᠠᠬᠢᠯᠭᠠᠨ ᠬᠦᠴᠦᠨ ᠤ | ᠲᠣᠣᠷ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ | ᠲᠤᠰᠬᠠᠢ ᠱᠤᠭᠤᠮ᠂ ᠡᠨᠧᠷᠭᠢ ᠨᠦᠬᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠴᠢᠩᠭᠠᠳᠬᠠᠨ ᠪᠠᠶᠢᠭᠤᠯᠬᠤ | ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 2.5 | ᠳ᠋ᠦᠩᠰᠢᠭᠤᠷ ᠺᠢᠯᠣᠸᠠᠲ ᠢ ᠰᠢᠪᠲᠤᠯᠵᠤ᠂ ᠴᠠᠬᠢᠯᠭᠠᠨ ᠭᠠᠷᠭᠠᠬᠤ ᠬᠡᠮᠵᠢᠶ᠎ᠡ 7740 ᠳ᠋ᠦᠩᠰᠢᠭᠤᠷ ᠺᠢᠯᠣᠸᠠᠲ ᠴᠠᠭ ᠲᠤ | ᠬᠦᠷᠭᠡᠵᠦ᠂ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ ᠶᠢ 3180 ᠺᠢᠯᠣᠸᠠᠲ ᠴᠠᠭ ᠲᠤ ᠬᠦᠷᠦᠭᠦᠯᠬᠦ ᠪᠠᠷ ᠬᠦᠴᠦᠯᠡᠨ | ᠴᠢᠷᠮᠠᠶᠢᠨ᠎ᠡ᠃ | ︵ᠭᠤᠷᠪᠠ︶ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨ᠎ᠡ | ᠨᠢᠭᠡᠨ ᠡᠭᠡᠯᠵᠢ ᠶᠢᠨ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠲᠠᠢ ᠪᠣᠯᠬᠤ ᠪᠠᠶᠢᠯᠳᠤᠬᠤ ᠪᠣᠳᠣᠯᠭ᠎ᠠ ᠶᠢᠨ | ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠦᠨ᠂ ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ | ᠲᠦᠯᠦᠪᠦᠷᠢᠲᠡᠢ ᠰᠢᠯᠵᠢᠭᠦᠯᠬᠦ ᠶᠢ ᠠᠬᠢᠭᠤᠯᠤᠨ᠎ᠠ᠃ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ | ᠬᠠᠮᠠᠭᠠᠯᠠᠬᠤ ᠴᠢᠨᠠᠷᠲᠠᠢ ᠪᠠᠷ ᠨᠡᠭᠡᠭᠡᠬᠦ᠂ ᠴᠢᠨᠠᠷᠵᠢᠭᠤᠨ ᠠᠰᠢᠭᠯᠠᠬᠤ᠂ ᠵᠢᠷᠤᠮᠵᠢᠭᠤᠨ ᠬᠠᠮᠢᠶᠠᠷᠬᠤ ᠪᠠᠨ ᠴᠢᠩᠭᠠᠳᠬᠠᠵᠤ᠂ ᠪᠥᠬᠦ | ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ | ᠪᠥᠮᠪᠥᠷᠴᠡᠭ ᠲᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠲᠦᠷᠭᠡᠳᠭᠡᠨ ᠪᠦᠲᠦᠭᠡᠨ | ᠪᠠᠶᠢᠭᠤᠯᠵᠤ᠂ ᠪᠠᠶᠠᠬᠤᠪᠤᠭ᠎ᠠ ᠠᠭᠤᠷᠬᠠᠢ ᠶᠢᠨ ᠰᠢᠰᠲ᠋ᠧᠮ ᠤᠨ ᠴᠢᠨᠠᠷᠲᠠᠢ ᠬᠠᠶᠢᠨ ᠰᠢᠨᠵᠢᠯᠲᠡ ᠶᠢ ᠰᠠᠶᠢᠲᠤᠷ ᠬᠢᠵᠦ᠂ | ᠪᠠᠶᠢᠩᠭᠤ ᠰᠣᠷᠢᠨᠵᠢᠨ ᠮᠠᠲ᠋ᠧᠷᠢᠶᠠᠯ ᠢᠶᠠᠷ ᠬᠥᠲᠥᠴᠢ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠪᠠ ᠬᠤᠪᠣᠷ ᠰᠢᠷᠣᠢ ᠶᠢᠨ ᠪᠠᠶᠢᠩᠭᠤ ᠰᠣᠷᠢᠨᠵᠢᠨ ᠴᠠᠬᠢᠯᠭᠠᠨ ᠮᠠᠰᠢᠨ ᠢᠶᠠᠷ ᠭᠤᠣᠯᠯᠠᠭᠤᠯᠤᠭᠰᠠᠨ ᠬᠤᠪᠣᠷ ᠰᠢᠷᠣᠢ ᠶᠢᠨ | ᠦᠵᠦᠭᠦᠷ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ︽ᠬᠤᠪᠣᠷ ᠰᠢᠷᠣᠢ +︾ ᠬᠡᠷᠡᠭᠯᠡᠭᠡᠨ ᠤ | ᠬᠦᠷᠢᠶ᠎ᠡ ᠶᠢ ᠥᠷᠭᠡᠳᠭᠡᠵᠦ᠂ ᠪᠥᠬᠦ ᠤᠯᠤᠰ ᠤᠨ ᠨᠢᠭᠡᠳᠦᠯᠲᠡᠢ ᠬᠤᠪᠣᠷ ᠰᠢᠷᠣᠢ ᠶᠢᠨ ᠠᠷᠠᠯᠵᠢᠶᠠᠨ ᠤ ᠲᠠᠪᠴᠠᠩ ᠢ | ᠪᠠᠶᠢᠭᠤᠯᠤᠨ᠎ᠠ᠃ | ᠳᠣᠯᠤᠭ᠎ᠠ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ | ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ | ᠶᠡᠭᠡ ᠲᠠᠷᠢᠶᠠᠯᠠᠩ ᠤᠨ ᠦᠵᠡᠯᠲᠡ᠂ ᠶᠡᠭᠡ ᠢᠳᠡᠭᠡᠨ ᠤ ᠦᠵᠡᠯᠲᠡ ᠶᠢ ᠪᠣᠢ ᠪᠣᠯᠭᠠᠨ᠂ ᠴᠢᠬᠤᠯᠠ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠲᠣᠭᠲᠠᠭᠤᠨ ᠠᠮᠤᠷ ᠲᠦᠪᠰᠢᠨ ᠴᠢᠨᠠᠷ ᠰᠠᠶᠢᠲᠠᠢ ᠬᠠᠩᠭᠠᠯᠭ᠎ᠠ ᠶᠢ ᠦᠨᠡᠨ ᠬᠦ | ᠪᠠᠲᠤᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠭᠠᠷᠤᠯᠲᠠ ᠶᠡᠬᠡᠲᠡᠢ ᠴᠢᠨᠠᠷ ᠰᠠᠶᠢᠲᠠᠢ ᠪᠣᠯᠭᠠᠨ ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ | ᠲᠤᠷᠰᠢᠯᠭ᠎ᠠ ᠶᠢ ᠠᠰᠢᠭᠯᠠᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ | ᠲᠠᠷᠢᠶᠠᠴᠢᠨ ᠮᠠᠯᠴᠢᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ | ︵ᠨᠢᠭᠡ︶ ︽ᠠᠮᠤ ᠪᠤᠳᠠᠭ᠎ᠠ᠂ ᠭᠠᠵᠠᠷ ᠰᠢᠷᠣᠢ᠂ ᠤᠰᠤ︾ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ | ᠰᠠᠶᠢᠲᠤᠷ ᠬᠢᠨ᠎ᠡ᠃ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ | ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠢ ᠶᠡᠭᠡ ᠲᠠᠯᠠᠪᠠᠢ ᠪᠠᠷ ᠨᠢᠭᠡᠴᠢ ᠤᠨᠠᠯᠲᠠ ᠶᠢ ᠨᠢ ᠳᠡᠭᠡᠭᠰᠢᠯᠡᠭᠦᠯᠬᠦ ᠶᠢ | ᠠᠬᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ | ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ ᠬᠤᠵᠢᠷᠯᠢᠭ ᠭᠠᠵᠠᠷ ᠵᠡᠷᠭᠡ ᠲᠠᠷᠢᠶᠠᠯᠠᠬᠤ | ᠭᠠᠵᠠᠷ ᠤᠨ ᠨᠦᠬᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ | ᠥᠨᠳᠥᠷ ᠪᠦᠲᠦᠮᠵᠢᠲᠡᠢ ᠪᠠᠷ ᠠᠰᠢᠭᠯᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠷᠠᠭᠠᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ | ᠢᠨᠵᠧᠨᠧᠷᠢᠩ ᠢ 900 ᠲᠦᠮᠡᠨ ᠮᠦ ᠬᠡᠷᠡᠭᠵᠢᠭᠦᠯᠦᠨ᠎ᠡ᠃ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠤᠰᠤ ᠠᠷᠪᠢᠯᠠᠬᠤ ᠴᠢᠳᠠᠪᠤᠷᠢ ᠶᠢ 2 ᠳ᠋ᠦᠩᠰᠢᠭᠤᠷ ᠺᠦᠪ | ᠮᠧᠳ᠋ᠷ ᠰᠢᠨ᠎ᠡ ᠪᠠᠷ ᠨᠡᠮᠡᠭᠳᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ | ᠬᠡᠮᠵᠢᠶ᠎ᠡ ᠶᠢ 10 ᠳ᠋ᠦᠩᠰᠢᠭᠤᠷ ᠺᠦᠪ ᠮᠧᠳ᠋ᠷ ᠤᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠪᠡᠯᠡᠳᠭᠡᠮᠵᠢᠲᠦ | ᠲᠠᠷᠢᠶᠠᠯᠠᠩ ᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ | ᠰᠢᠨ᠎ᠡ ᠪᠠᠷ ᠪᠠᠶᠢᠭᠤᠯᠵᠤ᠂ 500 ᠮᠦ ᠠᠴᠠ ᠳᠡᠭᠡᠭᠰᠢᠬᠢ ᠪᠡᠯᠡᠳᠭᠡᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ | ᠬᠦᠷᠢᠶᠡᠯᠡᠩ ᠲᠣᠭᠤᠷᠢᠭ ᠢ 11 ᠪᠠᠶᠢᠭᠤᠯᠤᠨ᠎ᠠ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ᠂ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠦᠷᠢᠶᠡᠯᠡᠩ ᠪᠠ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠂ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠳᠡᠭᠡᠷᠡᠬᠢ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠢ | ᠲᠣᠰ ᠲᠣᠰ 100 ᠡᠭᠦᠳᠦᠨ ᠪᠠᠶᠢᠭᠤᠯᠤᠨ᠎ᠠ᠃ | ︵ᠬᠤᠶᠠᠷ︶ ︽ᠮᠢᠬ᠎ᠠ᠂ ᠰᠦ᠂ ᠡᠪᠡᠰᠦ︾ ᠶᠢᠨ ᠦᠢᠯᠡᠳᠪᠦᠷᠢᠯᠡᠯ ᠤᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ | ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠵᠠᠭᠤᠨ ᠲᠦᠮᠡᠨ ᠠᠯᠠᠰᠢᠨ ᠦᠬᠡᠷ ᠢ ᠪᠣᠷᠳᠣᠨ ᠪᠤᠶᠢᠵᠢᠭᠤᠯᠬᠤ ᠶᠢ ᠥᠷᠨᠢᠭᠦᠯᠵᠦ᠂ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ | ᠮᠢᠬᠠᠨ ᠤ ᠲᠥᠷᠥᠯ ᠤᠨ ᠭᠠᠷᠤᠯᠲᠠ ᠶᠢ 300 ᠲᠦᠮᠡᠨ ᠲᠣᠨ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠦ | ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠶᠢ ᠪᠦᠬᠦ᠋ᠢᠯᠡ ᠰᠢᠶᠠᠨ ᠢᠶᠠᠷ ᠨᠢ ᠠᠬᠢᠭᠤᠯᠬᠤ | ᠲᠥᠷᠥᠯ ᠵᠦᠢᠯ ᠢ ᠬᠡᠷᠡᠭᠵᠢᠭᠦᠯᠦᠨ᠂ ᠠᠩᠬᠠᠨ ᠤ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠯᠠᠬᠤ | ᠡᠭᠦᠯᠳᠡᠷ ᠪᠤᠶᠢᠵᠢᠭᠤᠯᠬᠤ ᠲᠠᠯᠠᠪᠠᠢ ᠶᠢ ᠡᠭᠦᠳᠦᠨ ᠪᠠᠶᠢᠭᠤᠯᠬᠤ ᠪᠠᠨ ᠲᠦᠷᠭᠡᠳᠭᠡᠵᠦ᠂ ᠰᠦ ᠶᠢᠨ ᠭᠠᠷᠤᠯᠲᠠ 800 ᠲᠦᠮᠡᠨ | ᠲᠣᠨ ᠢ ᠰᠢᠪᠲᠤᠯᠬᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ | ᠥᠷᠳᠡᠭ 2500 ᠳ᠋ᠦᠩᠰᠢᠭᠤᠷ ᠲᠥᠭᠦᠷᠢᠭ ᠢ ᠰᠢᠪᠲᠤᠯᠬᠤ ᠪᠠᠷ ᠬᠦᠴᠦᠯᠡᠨ ᠴᠢᠷᠮᠠᠶᠢᠨ᠎ᠠ᠃ ᠬᠠᠰᠢᠶᠠᠯᠠᠨ ᠲᠡᠵᠢᠭᠡᠬᠦ ᠶᠢ | ᠶᠡᠭᠡ ᠪᠠᠷ ᠬᠥᠭᠵᠢᠭᠦᠯᠦᠨ᠂ ᠠᠷᠪᠠᠨ ᠨᠡᠶᠢᠲᠡᠯᠢᠭ ᠬᠡᠪ ᠵᠠᠭᠪᠤᠷ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠳᠡᠯᠭᠡᠷᠡᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠠᠯ᠎ᠠ ᠨᠤᠲᠤᠭ ᠤᠨ ᠳᠠᠭᠠᠭᠠᠴᠠ ᠠᠴᠠ ᠨᠢ | ᠬᠡᠲᠦᠷᠡᠭᠦᠯᠦᠨ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠲᠡᠵᠢᠭᠡᠯ ᠡᠪᠡᠰᠦ ᠲᠡᠵᠢᠭᠡᠯ | ᠪᠣᠷᠳᠣᠭᠠᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠮᠥᠨ ᠤ ᠬᠦᠴᠦ ᠪᠠᠷ ᠲᠡᠵᠢᠭᠡᠯ ᠡᠪᠡᠰᠦ ᠲᠠᠷᠢᠬᠤ ᠲᠠᠯᠠᠪᠠᠢ 2000 | ᠲᠦᠮᠡᠨ ᠮᠦ ᠶᠢ ᠰᠢᠪᠲᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠤᠲᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ | ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ | ᠲᠥᠷᠥᠯ ᠤᠨ ᠬᠦᠴᠦᠨ ᠵᠦᠢᠯ ᠤᠨ ᠬᠤᠣᠰ ᠴᠢᠭᠯᠡᠯ ᠢᠶᠠᠷ ᠡᠷᠭᠢᠯᠳᠦᠬᠦ ᠶᠢ ᠠᠬᠢᠭᠤᠯᠤᠨ᠂ ᠰᠢᠶᠠᠨ ᠤ ᠬᠤᠲᠠ ᠪᠠᠷ ᠴᠢᠬᠤᠯᠠ | ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠤᠲᠠ ᠬᠥᠳᠡᠭᠡ ᠠᠭᠤᠰᠤᠯᠴᠠᠨ ᠬᠥᠭᠵᠢᠭᠰᠡᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ ᠳᠠᠬᠢᠨ ᠶᠠᠳᠠᠭᠤᠷᠠᠬᠤ ᠠᠴᠠ | ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠲᠣᠭᠲᠠᠴᠠ ᠶᠢ ᠪᠠᠷᠢᠮᠲᠠᠯᠠᠬᠤ ᠪᠠ | ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ 19.6 | ᠲᠦᠮᠡᠨ ᠬᠥᠮᠥᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠭᠦᠬᠦ ᠬᠤᠰᠢᠭᠤ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ | ᠲᠣᠬᠢᠷᠠᠭᠤᠯᠬᠤ ᠣᠷᠣᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ 65% ᠠᠴᠠ ᠳᠡᠭᠡᠭᠰᠢᠬᠢ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠯᠲᠠ ᠶᠢᠨ ᠪᠡᠯᠡ ᠮᠥᠩᠭᠦ ᠶᠢ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ | ᠬᠡᠷᠡᠭᠯᠡᠨ᠎ᠡ᠃ ᠠᠵᠤ ᠲᠥᠷᠥᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠣ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠵᠤ᠂ ︽ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭᠠᠨ︾ ᠢ ᠥᠷᠨᠢᠭᠦᠯᠦᠨ᠂ | ᠣᠷᠣᠰᠢᠨ ᠠᠮᠢᠳᠤᠷᠠᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ | ᠵᠠᠰᠠᠭ ᠵᠠᠬᠢᠷᠭᠠᠨ ᠤ ᠲᠣᠰᠬᠤᠨ ᠳᠤ ᠴᠠᠬᠢᠯᠭᠠᠨ ᠨᠡᠪᠲᠡᠷᠡᠭᠦᠯᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠲᠠᠷᠢᠶᠠᠯᠠᠬᠤ | ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ | ᠪᠦᠷᠬᠦᠭᠦᠯᠬᠦ ᠨᠣᠷᠮ᠎ᠠ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ ᠲᠣᠰ ᠲᠣᠰ 80% ᠠᠴᠠ ᠳᠡᠭᠡᠭᠰᠢ | ᠪᠠ 34% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠭᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠭᠡᠵᠦ᠂ | ᠲᠠᠷᠢᠶᠠᠯᠠᠬᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ | ᠪᠠᠶᠢᠭᠤᠯᠤᠨ᠎ᠠ᠃ | ᠨᠠᠢᠮᠠ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠨ᠎ᠡ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠣᠷᠣᠵᠤ᠂ ᠤᠯᠤᠰ ᠤᠨ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ᠂ | ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠳᠡᠰ ᠢ ᠨᠢ ᠳᠡᠭᠡᠭᠰᠢᠯᠡᠭᠦᠯᠬᠦ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠥᠷᠭᠡᠳᠭᠡᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ | ᠠᠳᠬᠤᠵᠤ᠂ ᠳᠣᠲᠣᠭᠠᠳᠤ ᠭᠠᠳᠠᠭᠠᠳᠤ ᠨᠡᠭᠡᠭᠡᠯᠲᠡ ᠨᠡᠩ ᠶᠡᠭᠡ ᠠᠬᠢᠯᠲᠠ ᠲᠠᠢ ᠪᠣᠯᠬᠤ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ ᠪᠦᠲᠦᠭᠡᠨ | ᠪᠠᠶᠢᠭᠤᠯᠬᠤ ᠳᠤ ᠢᠳᠡᠪᠬᠢᠲᠡᠢ ᠣᠷᠣᠯᠴᠠᠨ᠂ ᠴᠢᠯᠦᠭᠡᠲᠦ ᠠᠷᠠᠯᠵᠢᠶᠠᠨ ᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ᠥᠪᠥᠷ ᠮᠣᠩᠭᠤᠯ︶ | ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠮᠥᠨ ᠴᠢᠨᠠᠷ ᠤᠨ | ᠠᠬᠢᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠬᠦᠴᠦᠨ ᠢ | ᠲᠦᠷᠭᠡᠯᠡᠨ ᠪᠤᠶᠢᠵᠢᠭᠤᠯᠵᠤ᠂ ᠰᠢᠶᠠᠨ ᠤ ᠬᠡᠪᠴᠢᠶᠠᠨ ᠤ ᠭᠠᠳᠠᠭᠠᠳᠤ ᠠᠵᠤ ᠠᠬᠤᠢ ᠠᠷᠠᠯᠵᠢᠶ᠎ᠡ ᠶᠢ ᠪᠠᠶᠢᠬᠤ ᠦᠭᠡᠢ | ᠪᠠᠶᠢᠭᠰᠠᠨ ᠠᠴᠠ ᠬᠡᠮᠵᠢᠶ᠎ᠡ ᠶᠢ ᠨᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯ ᠢ ᠠᠬᠢᠭᠤᠯᠤᠨ᠂ ᠤᠯᠠᠭᠠᠨᠴᠠᠪ ᠬᠤᠲᠠ ᠶᠢᠨ | ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ | ᠪᠠ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠳᠠᠭᠠᠭᠠᠨ ᠠᠪᠬᠤ | ᠭᠠᠵᠠᠷ ᠢ ᠪᠥᠬᠦ ᠬᠦᠴᠦᠨ ᠢᠶᠠᠷ ᠴᠣᠭᠴᠠᠯᠠᠬᠤ ᠶᠢ ᠳᠡᠮᠵᠢᠵᠦ᠂ ᠬᠥᠬᠡᠬᠤᠲᠠ ᠶᠢᠨ ᠤᠯᠤᠰ ᠤᠨ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ | ᠮᠠᠨᠵᠤᠤᠷ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠢ | ᠠᠬᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ 2100 ᠳ᠋ᠦᠩᠰᠢᠭᠤᠷ | ᠲᠥᠭᠦᠷᠢᠭ ᠢ ᠰᠢᠪᠲᠤᠯᠵᠤ᠂ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠪᠠᠶᠢᠷᠢᠯᠠᠯ ᠳᠡᠰ ᠳᠡᠪᠰᠢᠭᠦᠯᠬᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ 300 ᠳ᠋ᠦᠩᠰᠢᠭᠤᠷ ᠲᠥᠭᠦᠷᠢᠭ ᠲᠤ | ᠬᠦᠷᠦᠭᠦᠯᠦᠨ᠂ 20% ᠪᠠᠷ ᠨᠡᠮᠡᠭᠳᠡᠭᠦᠯᠬᠦ ᠶᠢ ᠠᠬᠢᠭᠤᠯᠤᠨ᠎ᠠ᠃ ᠣᠶᠤᠨᠴᠢ ᠪᠣᠭᠤᠮᠲᠠ᠂ ᠣᠶᠤᠨᠴᠢ ᠬᠢᠯᠢ ᠶᠢᠨ | ᠪᠣᠭᠤᠮᠲᠠ ᠶᠢᠨ ᠪᠠᠶᠢᠭᠤᠯᠤᠯᠲᠠ ᠶᠢ ᠠᠬᠢᠭᠤᠯᠵᠤ᠂ ︽ᠳᠠᠩ ᠴᠣᠩᠬᠤᠪᠴᠢ︾ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ | ᠴᠢᠩᠭᠠᠷᠠᠭᠤᠯᠤᠨ᠂ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 1.2 ᠳ᠋ᠦᠩᠰᠢᠭᠤᠷ ᠲᠣᠨ ᠳᠤ | ᠬᠦᠷᠦᠭᠦᠯᠵᠦ᠂ 12% ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ | ᠭᠠᠯᠲᠤ ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠪᠠᠨ ᠥᠷᠭᠡᠳᠭᠡᠬᠦ ᠠᠵᠢᠯ ᠢ ᠰᠠᠶᠢᠲᠤᠷ ᠠᠳᠬᠤᠵᠤ᠂ | ᠣᠷᠣᠨ ᠠᠴᠠ ᠡᠬᠢᠯᠡᠵᠦ ᠠᠶᠠᠯᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 10% ᠠᠴᠠ ᠳᠡᠭᠡᠭᠰᠢ | ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠬᠤᠶᠠᠷ︶ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ | ᠃ ᠥᠪᠥᠷ ᠮᠣᠩᠭᠤᠯ ᠤᠨ ᠵᠡᠭᠦᠨ ᠬᠡᠰᠡᠭ ᠢ ᠮᠠᠨᠳᠤᠭᠤᠯᠤᠨ ᠬᠥᠭᠵᠢᠭᠦᠯᠬᠦ ᠳᠤ ᠰᠢᠨ᠎ᠡ ᠰᠢᠪᠲᠤᠯᠤᠯᠲᠠ ᠭᠠᠷᠭᠠᠬᠤ ᠪᠠᠷ | ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ | ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ | ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ | ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠵᠡᠭᠦᠨ ᠬᠡᠰᠡᠭ ᠤᠨ | ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠶᠢᠮᠠᠭ ᠲᠠᠬᠢ ᠤᠯᠤᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ | ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠤᠯᠠᠭᠠᠨᠬᠠᠳᠠ ᠬᠤᠲᠠ ᠶᠢᠨ ᠵᠡᠰ ᠤᠨ ᠪᠦᠯᠦᠭ ᠤᠨ | ᠰᠢᠨ᠎ᠡ ᠮᠠᠲ᠋ᠧᠷᠢᠶᠠᠯ ᠪᠠ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠬᠥᠩᠭᠡᠨᠴᠠᠭᠠᠨ ᠤ ᠪᠦᠯᠦᠭ ᠤᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠯᠥᠨ ᠪᠤᠶᠢᠷ ᠵᠡᠷᠭᠡ ᠤᠯᠤᠰ ᠤᠨ ᠴᠠᠰᠤ | ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠢ ᠡᠭᠦᠳᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ | ᠶᠡᠷᠦᠩᠬᠡᠶᠢᠯᠡᠭᠰᠡᠨ ᠬᠦᠢᠰᠦ ᠬᠢᠯᠢ ᠶᠢᠨ ᠪᠣᠭᠤᠮᠲᠠ ᠶᠢ ᠬᠦᠴᠦ ᠪᠠᠨ ᠲᠥᠪᠯᠡᠷᠡᠭᠦᠯᠦᠨ ᠴᠣᠭᠴᠠᠯᠠᠨ᠎ᠠ᠃ ᠪᠠᠷᠠᠭᠤᠨ ᠬᠡᠰᠡᠭ ᠤᠨ | ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭᠤᠨ | ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ᠢ ᠲᠣᠬᠢᠷᠠᠭᠤᠯᠬᠤ | ᠬᠠᠮᠵᠢᠯᠴᠠᠭᠠᠨ ᠤ ᠠᠵᠢᠯ ᠢ ᠰᠠᠶᠢᠲᠤᠷ ᠬᠢᠨ᠎ᠡ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠠᠳᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠳᠤ ᠰᠢᠨ᠎ᠡ | ᠦᠷ᠎ᠡ ᠠᠰᠢᠭ ᠲᠠᠢ ᠪᠣᠯᠭᠠᠬᠤ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ | ᠪᠦᠯᠦᠭᠵᠢᠯ ᠢ ᠲᠦᠷᠭᠡᠳᠭᠡᠨ ᠪᠦᠲᠦᠭᠡᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠬᠥᠬᠡᠬᠤᠲᠠ | ᠪᠤᠭᠤᠲᠤ ᠶᠢ ᠨᠢᠭᠡ ᠬᠤᠲᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ | ︵ᠭᠤᠷᠪᠠ︶ ᠣᠷᠣᠨ ᠪᠦᠰᠡ ᠶᠢᠨ ᠬᠤᠭᠤᠷᠣᠨᠳᠤᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ ᠬᠥᠭᠵᠢᠯᠲᠡ ᠳᠤ | ᠢᠳᠡᠪᠬᠢᠲᠡᠢ ᠠᠭᠤᠰᠤᠯᠴᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠶᠢ ᠦᠷᠭᠦᠯᠵᠢᠯᠡᠨ ᠠᠬᠢᠭᠤᠯᠤᠨ᠎ᠠ᠃ ᠭᠤᠸᠠᠩᠳᠦ᠋ᠩ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠥᠷ ᠮᠣᠩᠭᠤᠯ ᠬᠥᠬᠡᠨᠠᠭᠤᠷ᠂ ᠥᠪᠥᠷ | ᠮᠣᠩᠭᠤᠯ ᠭᠠᠨᠰᠦ᠂ ᠥᠪᠥᠷ ᠮᠣᠩᠭᠤᠯ ᠱᠠᠨᠰᠢ᠂ ᠱᠠᠩᠬᠠᠢ ᠥᠪᠥᠷ ᠮᠣᠩᠭᠤᠯ ᠤᠨ ᠵᠥᠪᠯᠡᠯᠴᠡᠭᠡᠷ ᠤᠨ ᠡᠯ᠎ᠡ ᠵᠦᠢᠯ ᠤᠨ | ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡ᠂ ᠳᠡᠯᠡᠬᠡᠢ ᠶᠢᠨ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ | ᠭᠠᠷᠠᠭ ᠵᠡᠷᠭᠡ ᠥᠨᠳᠥᠷ ᠴᠢᠳᠠᠪᠤᠷᠢ ᠳᠡᠰ ᠤᠨ ᠬᠤᠳᠠᠯᠳᠤᠭᠠᠴᠢᠨ ᠤᠷᠢᠬᠤ ᠲᠠᠪᠴᠠᠩ ᠢ ᠦᠷᠭᠦᠯᠵᠢᠯᠡᠨ ᠰᠠᠶᠢᠲᠤᠷ ᠡᠷᠬᠢᠯᠡᠨ᠂ | ᠠᠵᠤ ᠦᠢᠯᠡᠰ ᠤᠨ ᠬᠡᠯᠬᠢᠶᠡᠨ ᠤ ᠲᠤᠰᠬᠠᠢ ᠰᠡᠳᠦᠪ ᠢᠶᠠᠷ ᠬᠤᠳᠠᠯᠳᠤᠭᠠᠴᠢᠨ ᠤᠷᠢᠬᠤ ᠵᠡᠷᠭᠡ ︽ᠪᠡᠯᠡ ᠣᠷᠤᠭᠤᠯᠤᠯᠲᠠ ᠶᠢᠨ | ᠥᠪᠥᠷ ᠮᠣᠩᠭᠤᠯ︾ ᠰᠢᠷᠢᠰ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠵᠥᠪᠯᠡᠯᠴᠡᠭᠡᠷ ᠲᠣᠬᠢᠷᠠᠭᠰᠠᠨ | ᠲᠥᠷᠥᠯ ᠵᠦᠢᠯ ᠢ ᠪᠣᠳᠠᠲᠠᠶᠢᠵᠢᠭᠤᠯᠵᠤ ᠮᠥᠷᠳᠡᠨ ᠳᠠᠭᠠᠬᠤ ᠦᠢᠯᠡᠴᠢᠯᠡᠭᠡ ᠪᠠᠨ ᠴᠢᠩᠭᠠᠳᠬᠠᠨ᠂ ᠪᠥᠬᠦ ᠵᠢᠯ ᠳᠤ ᠡᠯ᠎ᠡ | ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 150 ᠲᠠᠯᠠᠪᠠᠢ ᠣᠷᠴᠢᠮ ᠥᠷᠨᠢᠭᠦᠯᠵᠦ᠂ ᠠᠵᠤ ᠦᠢᠯᠡᠰ ᠤᠨ | ᠬᠡᠯᠬᠢᠶᠡᠨ ᠳᠤ ᠳᠤᠲᠠᠭᠤᠳᠠᠯ ᠲᠠᠢ ᠬᠠᠷᠠᠯᠲᠠᠲᠤ ᠠᠵᠤ ᠠᠬᠤᠶᠢᠯᠠᠯ ᠢ 1000 ᠠᠴᠠ ᠳᠡᠭᠡᠭᠰᠢ ᠵᠣᠬᠢᠶᠠᠨ ᠪᠠᠶᠢᠭᠤᠯᠤᠨ | ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠤᠯᠤᠰ ᠤᠨ ᠳᠣᠲᠣᠭᠠᠳᠤᠬᠢ ᠪᠣᠳᠠᠲᠠᠶᠢᠵᠢᠭᠰᠠᠨ ᠪᠡᠯᠡ | ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠠᠶᠢᠯᠭᠠᠬᠤ ᠪᠠᠷ ᠴᠢᠷᠮᠠᠶᠢᠨ᠎ᠠ᠃ | ᠶᠢᠰᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ | ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠳᠤᠯᠠᠭᠠᠯᠠᠭ᠎ᠠ ᠶᠢᠨ | ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢ ᠣᠨᠣᠪᠴᠢᠲᠠᠢ ᠪᠠᠲᠤᠲᠠᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ︵ᠨᠢᠭᠡ︶ ᠣᠯᠠᠨ ᠲᠦᠮᠡᠨ ᠤ ᠠᠮᠢᠳᠤᠷᠠᠯ ᠤᠨ ᠣᠷᠴᠢᠨ ᠨᠦᠭᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠡᠯᠡ | ᠮᠥᠩᠭᠦᠨ ᠤ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠳᠤᠯᠠᠭᠠᠯᠠᠭ᠎ᠠ ᠬᠠᠩᠭᠠᠬᠤ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠲᠤ ᠵᠠᠭᠪᠤᠷ ᠢ | ᠪᠠᠶᠢᠭᠤᠯᠬᠤ ᠪᠠᠷ ᠰᠦᠪᠡᠭᠴᠢᠯᠡᠵᠦ᠂ ᠰᠢᠲᠠᠮᠠᠬᠠᠢ ᠬᠡᠢ᠂ ᠤᠰᠤ ᠬᠠᠩᠭᠠᠵᠤ ᠭᠠᠳᠠᠭᠰᠢᠯᠠᠭᠤᠯᠬᠤ᠂ ᠢᠯᠴᠢ ᠬᠠᠩᠭᠠᠬᠤ | ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠳ᠋ᠷ ᠰᠢᠨᠡᠳᠭᠡᠵᠦ ᠥᠭᠡᠷᠡᠴᠢᠯᠡᠨ ᠰᠠᠶᠢᠵᠢᠷᠠᠭᠤᠯᠤᠨ᠎ᠠ᠃ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ︵ᠲᠠᠰᠤᠯᠭ᠎ᠠ︶ ᠪᠠᠶᠢᠭᠤᠯᠵᠤ᠂ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ ᠪᠠᠯᠭᠠᠰᠤᠨ ᠤ ᠨᠤᠷᠠᠬᠤ ᠠᠶᠤᠯᠲᠠᠢ | ᠬᠠᠭᠤᠴᠢᠨ ᠭᠡᠷ ᠪᠠᠶᠢᠰᠢᠩ ᠢ 1500 ᠢᠵᠢ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | 3419 ᠡᠷᠦᠬᠡ ᠥᠭᠡᠷᠡᠴᠢᠯᠡᠨ ᠰᠢᠨᠡᠳᠭᠡᠵᠦ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ | ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠭᠡᠬᠦ ᠶᠢ ᠪᠡᠶᠡᠯᠡᠭᠦᠯᠵᠦ᠂ ᠬᠥᠬᠡᠬᠤᠲᠠ ᠶᠢ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠠᠶᠢᠭᠤᠯᠬᠤ ᠪᠠ ᠬᠤᠲᠠ ᠶᠢᠨ ᠳᠤᠮᠳᠠᠬᠢ ᠲᠣᠰᠬᠤᠨ ᠢ | ᠥᠭᠡᠷᠡᠴᠢᠯᠡᠨ ᠰᠢᠨᠡᠳᠭᠡᠬᠦ ᠶᠢ ᠳᠡᠮᠵᠢᠬᠦ ᠬᠤᠲᠠ ᠳᠤ ᠵᠢᠭᠰᠠᠭᠠᠬᠤ ᠪᠠᠷ ᠴᠢᠷᠮᠠᠶᠢᠨ᠎ᠠ᠃ ᠲᠥᠷᠥᠯ ᠬᠤᠪᠢᠶᠠᠨ ᠡᠮᠬᠢ | ᠳᠠᠷᠠᠭ᠎ᠠ ᠲᠠᠢ ᠪᠠᠷ ᠨᠢᠭᠡ ᠪᠦᠯᠦᠭ ᠬᠤᠲᠠ ᠶᠢᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ᠂ ᠲᠡᠷᠭᠡᠨ | ᠵᠣᠭᠰᠣᠭᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ | ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ | ᠪᠠᠲᠤᠯᠠᠭ᠎ᠠ ᠶᠢᠨ ᠥᠭᠡᠷᠡᠴᠢᠯᠡᠯᠲᠡ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠥᠬᠦ ᠤᠯᠤᠰ ᠤᠨ ᠨᠢᠭᠡᠳᠦᠯᠲᠡᠢ ᠲᠥᠯᠥᠪᠯᠡᠬᠦ ᠪᠠ | ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ | ᠰᠦᠢᠳᠬᠡᠯ ᠢ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 1769 ᠲᠦᠮᠡᠨ ᠬᠥᠮᠥᠨ ᠳᠤ ᠬᠦᠷᠦᠭᠦᠯᠦᠨ᠎ᠡ᠃ ᠣᠷᠣᠯᠭ᠎ᠠ | ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠰᠢᠨᠵᠢᠯᠲᠡ ᠶᠢ ᠴᠢᠩᠭᠠᠳᠬᠠᠵᠤ᠂ ᠳᠡᠰ ᠳᠠᠪᠬᠤᠷᠭ᠎ᠠ ᠲᠥᠷᠥᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠰᠠᠭᠤᠭᠠᠯᠢ ᠠᠷᠠᠳ ᠤᠨ | ᠣᠷᠣᠯᠭ᠎ᠠ ᠶᠢ ᠴᠢᠷᠮᠠᠶᠢᠨ ᠨᠡᠮᠡᠭᠳᠡᠭᠦᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠡᠨ ᠬᠦ | ᠪᠥᠬᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠳᠠᠪᠠᠭᠤᠯᠤᠨ᠎ᠠ᠃ ᠪᠤᠭᠤᠷᠤᠯᠴᠤᠳ ᠤᠨ ᠠᠵᠤ ᠠᠬᠤᠢ ᠶᠢ | ᠬᠥᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170᠂ | ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠳᠡᠭᠡ ᠶᠢ 1500 ᠪᠠᠷᠢᠯᠭ᠎ᠠ ᠡᠬᠢᠯᠡᠭᠦᠯᠦᠨ ᠪᠠᠶᠢᠭᠤᠯᠵᠤ᠂ | ᠨᠦᠭᠦᠴᠡᠯ ᠲᠠᠢ ᠭᠠᠵᠠᠷ ᠣᠷᠣᠨ ᠤ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠦᠵᠡᠭᠦᠯᠬᠦ ᠦᠢᠯᠡᠴᠢᠯᠡᠭᠡ ᠶᠢ | ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ ᠣᠷᠣᠭᠤᠯᠬᠤ ᠶᠢ ᠨᠢ ᠠᠬᠢᠭᠤᠯᠤᠨ᠎ᠠ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠰᠤᠷᠭᠠᠨ ᠬᠥᠮᠥᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠠᠯᠪᠠᠨ | ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠰᠢᠨ᠎ᠡ ᠡᠨᠧᠷᠭᠢ | ᠵᠡᠷᠭᠡ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ ᠦᠢᠯᠡᠳᠪᠦᠷᠢᠯᠡᠬᠦ ᠵᠢᠭᠠᠨ | ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠤᠶᠢᠵᠢᠭᠤᠯᠤᠨ᠎ᠠ᠃ ᠠᠯᠪᠠᠨ ᠠᠴᠠ | ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠭᠡᠵᠦ᠂ ᠰᠤᠷᠭᠠᠭᠤᠯᠢ ᠳᠤ ᠣᠷᠣᠬᠤ | ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠴᠡᠴᠡᠷᠯᠢᠭ ᠲᠤ ᠣᠷᠣᠬᠤ ᠨᠣᠷᠮ᠎ᠠ ᠪᠠ ᠲᠦᠭᠡᠮᠡᠯ ᠬᠠᠷᠠᠭᠠᠯᠵᠠᠯᠲᠤ | ᠬᠡᠦᠬᠡᠳ ᠤᠨ ᠴᠡᠴᠡᠷᠯᠢᠭ ᠤᠨ ᠪᠦᠷᠬᠦᠭᠦᠯᠬᠦ ᠨᠣᠷᠮ᠎ᠠ ᠶᠢ 90% ᠪᠠ 88% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ | ᠦᠨᠡᠨ ᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠳᠤ | ᠰᠠᠭᠤᠬᠤ ᠣᠷᠣ ᠶᠢᠨ ᠭᠠᠷᠳᠠᠮ ᠢ ᠭᠦᠢᠴᠡᠳᠭᠡᠬᠦ ᠡᠮᠴᠢᠯᠡᠭᠡᠨ ᠤ ᠲᠤᠷᠰᠢᠯᠲᠠ ᠶᠢᠨ ᠴᠡᠭ ᠢ ᠥᠷᠨᠢᠭᠦᠯᠦᠨ᠂ ᠨᠢᠷᠠᠢ | ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ | ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠂ ᠬᠢᠲᠠᠳ ︵ᠮᠣᠩᠭᠤᠯ︶ ᠠᠨᠠᠭᠠᠬᠤ ᠤᠬᠠᠭᠠᠨ ᠤ ᠡᠮᠴᠢᠯᠡᠭᠡᠨ ᠤ | ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠢ | ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠮᠴᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ | ᠲᠠᠮᠢᠷ ᠤᠨ ᠴᠡᠴᠡᠷᠯᠢᠭ ᠢ 20᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 6 ᠰᠢᠨ᠎ᠡ ᠪᠠᠷ ᠪᠠᠶᠢᠭᠤᠯᠬᠤ | ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ ᠡᠮᠡᠭᠲᠡᠶᠢᠴᠦᠳ | ᠬᠡᠦᠬᠡᠳ ᠪᠠᠭᠠᠴᠤᠳ ᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ︶ ᠤᠨ ᠭᠡᠷ ᠢ 50 | ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ | ᠬᠠᠮᠠᠭᠠᠯᠠᠬᠤ ᠲᠥᠪ ᠢ 7 ᠪᠠᠶᠢᠭᠤᠯᠤᠨ᠎ᠠ᠃ | ᠠᠷᠪᠠ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠨᠢᠭᠡᠳᠦᠯᠲᠡᠢ ᠲᠥᠯᠥᠪᠯᠡᠨ᠎ᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠢᠶᠠᠨ ᠪᠠᠲᠤ ᠴᠢᠩᠭ᠎ᠠ ᠡᠵᠡᠮᠰᠢᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ | ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠯᠢ ᠬᠢᠵᠠᠭᠠᠷ ᠤᠨ | ᠪᠠᠲᠤ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠠᠬᠢᠭᠤᠯᠤᠨ᠎ᠠ᠃ | ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠪᠥᠬᠦ ᠲᠠᠯ᠎ᠠ ᠪᠠᠷ ᠠᠬᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ | ᠭᠤᠣᠯ ᠰᠢᠵᠢᠮ ᠢᠶᠠᠨ ᠪᠣᠯᠭᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠪᠣᠯᠪᠠᠰᠤᠨ ᠤ ᠪᠠᠶᠢᠭᠤᠯᠤᠯᠲᠠ ᠪᠠ ᠨᠠᠮ ᠤᠨ | ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠠᠨ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠬᠤ ᠪᠠᠷ ᠴᠢᠷᠮᠠᠶᠢᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ | ᠤᠷᠤᠭᠰᠢᠯᠠᠬᠤ︾ ᠣᠯᠠᠨ ᠲᠦᠮᠡᠨ ᠤ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠥᠵᠢᠯ ᠤᠨ | ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠥᠮᠥᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ | ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠬᠤ ᠪᠠᠨ ᠴᠢᠩᠭᠠᠳᠬᠠᠵᠤ᠂ | ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭᠠᠨ ᠤ ︽ᠭᠤᠷᠪᠠᠨ ᠵᠦᠢᠯ ᠤᠨ ᠲᠥᠯᠥᠪᠯᠡᠭᠡ︾ ᠶᠢ | ᠬᠡᠷᠡᠭᠵᠢᠭᠦᠯᠦᠨ᠎ᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ | ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠯᠢ ᠬᠢᠵᠠᠭᠠᠷ ᠣᠷᠣᠨ ᠤ ︽ᠳᠥᠷᠪᠡᠨ | ᠬᠠᠮᠲᠤ ᠪᠠᠷ ᠪᠠᠶᠢᠬᠤ︾ ᠤᠷᠳᠤ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠮᠠᠷᠠᠲᠤ ᠬᠢᠯᠢ ᠶᠢᠨ | ᠰᠣᠶᠣᠯ ᠢ ᠤᠬᠠᠭᠤᠯᠤᠨ ᠲᠠᠶᠢᠯᠪᠤᠷᠢᠯᠠᠬᠤ ᠶᠢᠨ ᠲᠣᠭᠤᠷᠢᠨ ᠳᠤ᠂ ᠪᠥᠬᠦ ᠤᠯᠤᠰ ᠤᠨ ᠤᠯᠠᠭᠠᠨᠮᠥ᠋ᠴᠢᠷ ᠤᠨ ᠦᠵᠡᠭᠦᠯᠭᠡ ᠶᠢᠨ | ᠲᠣᠭᠯᠠᠯᠲᠠ᠂ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ ᠵᠡᠷᠭᠡ | ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ | ︵ᠬᠤᠶᠠᠷ︶ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠨ᠎ᠡ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠤᠨ᠂ ᠣᠷᠣᠨ | ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ | ᠥᠭᠴᠡᠭᠡ ᠶᠢ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡᠨ ᠤ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ | ᠲᠠᠪᠴᠠᠩ ᠤᠨ ᠦᠯᠡᠳᠡᠭᠳᠡᠯ ᠥᠷᠢ ᠥᠭᠴᠡᠭᠡ ᠶᠢᠨ ᠬᠡᠪᠴᠢᠶ᠎ᠡ ᠶᠢ ᠠᠯᠬᠤᠮ ᠳᠠᠷᠠᠭᠠᠯᠠᠨ ᠪᠠᠭᠠᠰᠬᠠᠵᠤ᠂ ᠪᠡᠯᠡ ᠲᠣᠬᠢᠷᠠᠭᠤᠯᠬᠤ | ᠲᠠᠪᠴᠠᠩ ᠤᠨ ᠲᠤᠭ᠎ᠠ ᠬᠡᠮᠵᠢᠶ᠎ᠡ ᠶᠢ ᠲᠥᠯᠥᠪᠯᠡᠭᠡ ᠶᠣᠰᠣᠭᠠᠷ ᠪᠠᠭᠠᠰᠬᠠᠨ᠂ ᠪᠡᠯᠡ ᠲᠣᠬᠢᠷᠠᠭᠤᠯᠬᠤ ᠲᠠᠪᠴᠠᠩ ᠤᠨ | ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ︵ᠬᠤᠲᠠ | ᠂ ᠲᠣᠭᠤᠷᠢᠭ︶ ︽ᠭᠤᠷᠪᠠ ᠶᠢ ᠪᠠᠲᠤᠯᠠᠬᠤ︾ ᠶᠢ ᠠᠵᠢᠯᠯᠠᠭᠤᠯᠬᠤ ᠤᠷᠳᠤ ᠬᠤᠭᠤᠴᠠᠭᠠᠨ ᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ︽ᠭᠤᠷᠪᠠ ᠶᠢ ᠪᠠᠲᠤᠯᠠᠬᠤ︾ ᠲᠥᠰᠥᠪ ᠤᠨ ᠪᠠᠲᠤᠯᠠᠪᠠᠰᠤ ᠵᠣᠬᠢᠬᠤ ᠶᠢ ᠨᠢ | ᠪᠥᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠳ᠋ ᠤᠨ ᠵᠠᠰᠠᠭ ᠤᠨ ᠲᠦᠷ ᠥᠭᠬᠦ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠨ᠂ ᠲᠦᠷ ᠥᠭᠬᠦ ᠮᠥᠩᠭᠦ ᠶᠢᠨ ᠦᠯᠡᠳᠡᠪᠦᠷᠢ ᠲᠤᠭ᠎ᠠ ᠶᠢᠨ ᠵᠠᠷᠤᠯᠭ᠎ᠠ ᠳᠤ ᠡᠵᠡᠯᠡᠬᠦ ᠬᠠᠷᠢᠴᠠᠯ ᠨᠢ 10% ᠠᠴᠠ | ᠳᠠᠪᠠᠭᠰᠠᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠦᠭᠰᠡᠨ ᠲᠦᠷ ᠥᠭᠬᠦ ᠮᠥᠩᠭᠦ ᠶᠢᠨ ᠳᠡᠰ ᠳᠡᠪᠰᠢᠭᠦᠯᠬᠦ | ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠢ ᠥᠭᠭᠦᠭᠰᠡᠨ ᠪᠡᠯᠡ ᠮᠥᠩᠭᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠪᠠᠨ | ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠦᠭᠰᠡᠨ ᠵᠢᠭᠡᠯᠡᠯᠭᠡ ᠶᠢᠨ ᠮᠥᠩᠭᠦ ᠶᠢ ᠬᠢᠨᠠᠨ ᠵᠥᠪᠰᠢᠶᠡᠷᠡᠬᠦ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠠᠳᠠᠭᠰᠢ ᠵᠢᠭᠡᠯᠡᠭᠦᠯᠦᠭᠰᠡᠨ ᠮᠥᠩᠭᠦ ᠶᠢ ᠨᠠᠰᠤᠨ ᠲᠤᠷᠰᠢᠲᠠ ᠬᠠᠷᠢᠭᠤᠴᠠᠬᠤ ᠳᠦᠷᠢᠮ ᠢ | ᠪᠠᠶᠢᠭᠤᠯᠤᠨ᠎ᠠ᠃ | ︵ᠭᠤᠷᠪᠠ︶ ᠭᠤᠣᠯᠳᠠᠯᠭ᠎ᠠ ᠲᠠᠢ ᠬᠦᠷᠢᠶᠠᠨ ᠳᠠᠬᠢ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠪᠠᠷ ᠰᠡᠷᠭᠡᠶᠢᠯᠡᠨ | ᠠᠷᠢᠯᠭᠠᠨ᠎ᠠ᠃ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠂ ᠳᠤᠮᠳᠠ | ᠵᠢᠵᠢᠭ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ᠂ ᠬᠥᠷᠥᠩᠭᠡ ᠶᠢ ᠨᠥᠬᠦᠪᠦᠷᠢᠯᠡᠬᠦ ᠪᠠ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠯᠠᠪᠳᠠᠭᠤᠨ ᠲᠣᠬᠢᠲᠠᠢ ᠠᠬᠢᠭᠤᠯᠵᠤ᠂ ᠬᠠᠤᠯᠢ ᠶᠢᠨ ᠡᠷᠬᠡᠲᠡᠨ ᠢ ᠨᠢᠭᠡᠳᠦᠭᠦᠯᠦᠭᠰᠡᠨ ᠥᠪᠥᠷ | ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠪᠠᠶᠢᠭᠤᠯᠤᠨ᠂ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠣᠺ ᠢᠶᠠᠷ | ᠳᠠᠨᠵᠢᠯᠠᠵᠤ ᠬᠥᠮᠥᠷᠭᠡ ᠲᠡᠭᠰᠢᠯᠡᠬᠦ ᠲᠦᠭᠰᠢᠭᠦᠷᠢ ᠪᠠ ᠵᠢᠭᠡᠯᠡᠯᠭᠡ ᠲᠠᠯᠪᠢᠭᠰᠠᠨ ᠠᠵᠤ ᠠᠬᠤᠶᠢᠯᠠᠯ ᠤᠨ ᠭᠡᠷ᠎ᠡ ᠠᠴᠠ ᠪᠠᠨ | ᠵᠥᠷᠢᠴᠡᠬᠦ ᠲᠦᠭᠰᠢᠭᠦᠷᠢ ᠶᠢ ᠬᠦᠴᠦᠯᠡᠨ ᠠᠷᠢᠯᠭᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠲᠣᠬᠢᠲᠠᠢ | ᠠᠷᠢᠯᠭᠠᠵᠤ᠂ ᠠᠳᠠᠯᠢ ᠪᠤᠰᠤ ᠥᠮᠴᠢᠯᠡᠯᠲᠦ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠬᠠᠨᠳᠤᠵᠤ᠂ ᠪᠠᠲᠤᠯᠠᠨ ᠲᠤᠰᠢᠶᠠᠬᠤ ᠠᠰᠠᠷ ᠤᠨ | ᠡᠭᠦᠷᠭᠡ ᠶᠢ 2.5 ᠲᠦᠮᠡᠨ ᠢᠵᠢ ᠪᠡᠶᠡᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠪᠠᠬᠢᠵᠢᠭᠦᠯᠦᠨ᠂ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ | ᠠᠵᠢᠯᠯᠠᠭᠠᠨ ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠦᠢᠯᠡᠳᠭᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ | ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠠᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ | ᠵᠠᠰᠠᠯᠲᠠ ᠶᠢ ᠴᠢᠩᠭᠠᠳᠬᠠᠨ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠠᠷ ᠢ ᠰᠡᠷᠭᠡᠶᠢᠯᠡᠵᠦ | ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ ᠢᠳᠡᠭᠡᠨ ᠤ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠦᠨ᠂ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠳᠡᠯᠭᠡᠷᠡᠭᠦᠯᠦᠨ ᠬᠡᠷᠡᠭᠵᠢᠭᠦᠯᠦᠨ᠎ᠡ᠃ | 2024 ᠣᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠨ᠎ᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ᠃ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯ ᠢ | ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠥᠪᠡᠷ ᠤᠨ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ | ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠴᠢᠷᠮᠠᠶᠢᠨ ᠠᠷᠭᠠᠴᠠᠭᠠᠬᠤ ᠬᠡᠷᠡᠭᠲᠡᠢ᠃ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠬᠤᠷᠳᠤᠴᠠ ᠪᠠ ᠴᠢᠨᠠᠷ ᠴᠢᠨᠰᠠᠭ᠎ᠠ᠂ ᠬᠤᠷᠸ᠎ᠠ ᠲᠤᠭ᠎ᠠ | ᠪᠠᠷᠢᠮᠲᠠ ᠪᠠ ᠬᠤᠮᠠᠬᠢ ᠲᠥᠷᠥᠭᠳᠡᠯ᠂ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠳᠡᠬᠦ ᠪᠠ ᠰᠢᠢᠳᠪᠦᠷᠢᠯᠡᠵᠦ᠂ ᠭᠤᠣᠯ ᠵᠥᠷᠢᠴᠡᠯ ᠢ | ᠠᠳᠬᠤᠨ᠂ ᠪᠣᠭᠤᠮᠢ ᠬᠦᠯᠢᠶᠡᠰᠦᠯᠡᠯ ᠢ ᠰᠢᠪᠲᠤᠯᠵᠤ᠂ ᠪᠠᠷᠠᠯᠠᠯᠬᠢᠯᠠᠨ ᠪᠠᠶᠢᠷᠢᠰᠢᠭᠤᠯᠬᠤ ᠶᠢ ᠴᠢᠬᠤᠯᠠᠴᠢᠯᠠᠨ᠂ ᠨᠡᠮᠡᠯᠲᠡ | ᠬᠠᠰᠤᠯᠲᠠ ᠦᠭᠡᠢ ᠪᠠᠷ᠂ ᠡᠷᠡᠰ ᠰᠢᠭᠤᠷᠬᠠᠢ ᠪᠠᠷ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ ᠣᠷᠣᠯᠳᠤᠨ | ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠵᠦ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠨ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ | ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠤᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ |