ᠬᠤᠰᠢᠭᠤᠨ ᠤ ᠬᠤᠪᠢ ᠬᠤᠷᠠᠮᠳᠤᠭᠤᠯᠬᠤ ᠳᠦᠷᠢᠮ ᠤᠨ ᠲᠣᠬᠢᠷᠠᠭᠤᠯᠤᠯᠲᠠ ᠶᠢᠨ ᠲᠤᠰᠬᠠᠶ ᠠᠩᠭᠢ ᠰᠢᠩ ᠶᠣᠣ ᠪᠠᠯᠭᠠᠰᠤᠨ ᠳᠤ ᠭᠦᠨᠵᠡᠭᠡᠶᠢᠷᠡᠵᠦ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢᠨ ᠠᠵᠢᠯ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃
ᠨᠡᠶᠢᠲᠡᠯᠡᠭᠰᠡᠨ ᠴᠠᠭ᠄
2024/8/9
    8 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠧᠨ ᠬᠠᠶ ᠯᠢᠩ ᠨᠡᠷ ᠰᠢᠩ ᠶᠣᠣ ᠪᠠᠯᠭᠠᠰᠤᠨ ᠤ ᠴᠠᠭᠠᠨᠪᠣᠨ ᠲᠣᠰᠬᠤᠨ᠂ ᠰᠢᠨ ᠾᠧ ᠲᠣᠰᠬᠤᠨ ᠳᠤ ᠭᠦᠨᠵᠡᠭᠡᠶᠢᠷᠡᠨ ᠰᠢᠨ᠎ᠡ ᠴᠠᠭ ᠦᠶ᠎ᠡ ᠶᠢᠨ ᠪᠣᠯᠪᠠᠰᠤᠨ ᠦᠶ᠋ᠯᠡᠳᠦᠯᠭᠡ ᠶᠢᠨ ᠬᠥᠳᠡᠭᠡ ᠲᠣᠰᠬᠤᠨ ᠤ ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ ᠤᠨ ᠬᠠᠮᠢᠶ᠎ᠠ ᠪᠥᠬᠦᠶ ᠠᠵᠢᠯ ᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠲᠠᠢ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠬᠤᠪᠢ ᠬᠤᠷᠠᠮᠳᠤᠭᠤᠯᠬᠤ ᠲᠦᠷᠢᠮ ᠤᠨ ᠬᠡᠷᠡᠭᠯᠡᠯᠲᠡ᠂ ᠬᠤᠪᠢ ᠬᠤᠷᠠᠮᠳᠤᠭᠤᠯᠬᠤ ᠲᠦᠷᠢᠮ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠬᠤᠪᠢ ᠬᠤᠷᠠᠮᠳᠤᠭᠤᠯᠬᠤ ᠲᠦᠷᠢᠮ ᠤᠨ ᠲᠠᠷᠠᠭᠠᠴᠢ ᠶᠢᠨ ᠠᠯᠬᠤᠮ ᠤᠨ ᠠᠬᠢᠴᠠ᠂ ᠬᠤᠪᠢ ᠬᠤᠷᠠᠮᠳᠤᠭᠤᠯᠬᠤ ᠲᠦᠷᠢᠮ ᠤᠨ ᠦᠶ᠋ᠯᠡᠳᠦᠯ ᠢᠶᠠᠨ ᠪᠠᠳᠠᠷᠠᠭᠤᠯᠤᠭᠰᠠᠨ ᠵᠡᠷᠭᠡ ᠪᠠᠶᠢᠳᠠᠯ ᠤᠨ ᠲᠤᠬᠠᠶ ᠭᠦᠨᠵᠡᠭᠡᠶ ᠰᠣᠯᠢᠯᠴᠠᠪᠠ᠃    ᠲᠠᠷᠠᠭᠠᠴᠢ ᠶᠢᠨ ᠠᠯᠬᠤᠮ ᠳᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠬᠤᠪᠢ ᠬᠤᠷᠠᠮᠳᠤᠭᠤᠯᠵᠤ ᠰᠢᠯᠭᠠᠨ ᠦᠨᠡᠯᠡᠬᠦ ᠪᠠᠷᠢᠮᠵᠢᠶ᠎ᠠ ᠶᠢᠨ ᠨᠠᠷᠢᠨ ᠲᠦᠷᠢᠮ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ᠬᠤᠪᠢ ᠬᠤᠷᠠᠮᠳᠤᠭᠤᠯᠵᠤ ᠬᠡᠷᠡᠭᠯᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠲᠡᠭᠦᠯᠳᠡᠷᠵᠢᠭᠦᠯᠵᠦ᠂ ᠬᠤᠪᠢ ᠬᠤᠷᠠᠮᠳᠤᠭᠤᠯᠬᠤ ᠲᠦᠷᠢᠮ ᠤᠨ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠳᠤᠮᠳᠠᠬᠢ ᠤᠷᠮᠠᠰᠢᠭᠤᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠭᠠᠴᠠᠭ᠎ᠠ ᠲᠣᠰᠬᠤᠨ ᠤ ᠠᠷᠠᠳ ᠤᠨ ᠦᠨᠳᠦᠰᠦᠨ ᠱᠠᠲᠤᠨ ᠤ ᠵᠠᠰᠠᠯᠲᠠ ᠶᠢᠨ ᠡᠯ᠎ᠡ ᠵᠦᠶ᠋ᠯ ᠤᠨ ᠠᠵᠢᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠳᠤ ᠦᠶ᠋ᠯᠡᠳᠦᠯ ᠢᠶᠠᠨ ᠦᠨᠡᠨᠬᠦ ᠪᠠᠳᠠᠷᠠᠭᠤᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号