ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠢᠩᠭᠠᠨᠲᠤ ᠪᠠᠯᠭᠠᠰᠤᠨ ᠤ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠶᠢᠴᠠᠭᠠᠨ ᠦᠵᠡᠬᠦ ᠠᠵᠢᠯ ᠢ ᠵᠣᠬᠢᠶᠠᠨ ᠪᠠᠢᠭᠤᠯᠵᠤ ᠥᠷᠨᠢᠭᠦᠯᠪᠡ᠃
ᠨᠡᠶᠢᠲᠡᠯᠡᠭᠰᠡᠨ ᠴᠠᠭ᠄
2024/9/10
    9 ᠰᠠᠷ᠎ᠠ ᠶᠢᠨ 9 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠨ ᠸᠧᠶ ᠪᠦᠯᠬᠦᠮ ᠳᠠᠭᠠᠭᠤᠯᠤᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠮᠢᠩᠭᠠᠨᠲᠤ ᠪᠠᠯᠭᠠᠰᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠦᠵᠡᠪᠡ᠃
微信图片_20240910100135.jpg    
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠢᠩᠭᠠᠨᠲᠤ ᠪᠠᠯᠭᠠᠰᠤᠨ ᠤ ᠬᠤᠲᠠ ᠲᠣᠭᠤᠷᠢᠭ ᠤᠨ ᠡᠯ᠎ᠡ ᠭᠤᠤᠯ ᠵᠡᠭᠡᠯᠢ ᠭᠤᠳᠤᠮᠵᠢ ᠶᠢᠨ ᠲᠣᠭᠤᠷᠢᠨ ᠳᠤ᠂ ᠡᠪᠳᠡᠭᠳᠡᠭᠰᠡᠨ ᠵᠠᠮ᠂ ᠠᠮᠤᠷ ᠲᠦᠪᠰᠢᠨ ᠤ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭᠠᠨ ᠤ ᠳᠣᠬᠢᠶᠠᠨ ᠳ᠋ᠧᠩ ᠴᠠᠭ ᠲᠣᠬᠢᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠴᠠᠭᠠᠨ ᠦᠵᠡᠭᠰᠡᠨ ᠲᠥᠯᠥᠭᠡᠯᠡᠭᠴᠢᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠬᠡᠷᠬᠢᠨ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠲᠠᠢ ᠤᠶᠠᠯᠳᠤᠭᠤᠯᠤᠨ ᠰᠠᠨᠠᠯ ᠢᠶᠠᠨ ᠰᠣᠯᠢᠯᠴᠠᠭᠰᠠᠨ ᠪᠥᠭᠡᠳ ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠬᠡᠷᠬᠢᠨ ᠵᠠᠰᠠᠬᠤ᠂ ᠵᠠᠮ ᠬᠠᠷᠢᠯᠴᠠᠭᠠᠨ ᠤ ᠡᠮᠬᠢ ᠵᠢᠷᠤᠮ ᠢ ᠬᠡᠷᠬᠢᠨ ᠴᠡᠭᠴᠡᠯᠡᠨ ᠵᠠᠰᠠᠬᠤ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠬᠡᠷᠬᠢᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃
微信图片_20240910100138.jpg    
    ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠴᠢᠩᠭᠠᠳᠬᠠᠵᠤ᠂ ᠢᠯᠡᠷᠡᠭᠰᠡᠨ ᠬᠡᠰᠡᠭ ᠠᠰᠠᠭᠤᠳᠠᠯ ᠢ ᠡᠷᠴᠢᠮ ᠲᠠᠢ ᠰᠢᠶ᠋ᠳᠪᠦᠷᠢᠯᠡᠵᠦ᠂ ᠬᠦᠨᠳᠦ ᠶᠡᠭᠡ ᠵᠠᠮ ᠬᠠᠷᠢᠯᠴᠠᠭᠠᠨ ᠤ ᠠᠳᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ ᠵᠠᠰᠠᠨ᠂ ᠠᠵᠢᠯᠲᠠᠨ ᠤ ᠲᠣᠬᠢᠷᠠᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ︔ ᠤᠯᠠᠨ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠷᠠᠳ ᠢᠷᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠤᠨ ᠢᠳᠡᠪᠬᠢᠲᠡᠢ ᠣᠷᠣᠯᠴᠠᠬᠤ ᠶᠢ ᠬᠦᠳᠦᠯᠦᠨ ᠵᠢᠯᠣᠭᠤᠳᠴᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠨᠡᠶᠢᠭᠡᠮᠴᠢᠯᠡᠬᠦ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ︔ ᠬᠠᠤᠯᠢ ᠶᠢ ᠴᠢᠩᠭ᠎ᠠ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠳᠤᠮᠳᠠ ᠢᠯᠡᠷᠡᠭᠰᠡᠨ ᠰᠢᠨ᠎ᠡ ᠵᠥᠷᠢᠴᠡᠯ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠢᠶ᠋ᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠷ ᠮᠠᠨ ᠤ ᠬᠤᠰᠢᠭᠤᠨ ᠤ ᠳᠦᠷᠢ ᠲᠥᠷᠬᠦ ᠶᠢᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号