ᠰᠢᠯᠤᠭᠤᠨ ᠬᠥᠪᠡᠭᠡᠲᠦ ᠴᠠᠭᠠᠨ ᠬᠤᠰᠢᠭᠤ᠄ ᠳ᠋ᠤᠤ ᠰᠢ ᠮᠢᠶᠣᠣ ᠰᠦᠮ᠎ᠡ ᠶᠢᠨ 110 kv ᠬᠦᠴᠦᠳᠡᠯ ᠥᠭᠡᠷᠡᠴᠢᠯᠡᠬᠦ ᠥᠷᠲᠡᠭᠡ ᠶᠢᠨ 10 kv ᠨᠡᠭᠡᠭᠡᠯᠭᠡ ᠶᠢᠨ ᠠᠪᠳᠠᠷ᠎ᠠ ᠶᠢ ᠥᠭᠡᠷᠡᠴᠢᠯᠡᠬᠦ ᠠᠵᠢᠯ ᠲᠡᠭᠦᠰ ᠠᠮᠵᠢᠯᠲᠠ ᠲᠠᠢ ᠳᠠᠭᠤᠰᠪᠠ᠃
ᠨᠡᠶᠢᠲᠡᠯᠡᠭᠰᠡᠨ ᠴᠠᠭ᠄
2024/9/10
    9 ᠳ᠋ᠦᠭᠡᠷ ᠰᠠᠷ᠎ᠠ ᠶᠢᠨ 3 ᠤ ᠡᠳᠦᠷ ᠤᠨ 15᠄ 30 ᠴᠠᠭ ᠲᠤ᠂ 1 ᠳ᠋ᠦᠭᠡᠷ ᠨᠣᠮᠧᠷᠲᠤ ᠭᠤᠤᠯ ᠬᠤᠪᠢᠰᠤᠭᠴᠢ 901 ᠬᠡᠯᠬᠢᠶ᠎ᠡ ᠲᠠᠰᠤᠯᠤᠭᠤᠷ ᠢᠶᠠᠷ ᠴᠠᠬᠢᠯᠭᠠᠨ ᠬᠦᠷᠭᠡᠭᠰᠡᠨ ᠢ ᠳᠠᠭᠠᠯᠳᠤᠨ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠯᠢ ᠶᠢᠨ ᠭᠤᠤᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠳ᠋ᠤᠤ ᠰᠢ ᠮᠢᠶᠣᠣ ᠶᠢᠨ 110 ᠺᠢᠯᠤᠤᠣᠯᠲ ᠤᠨ ᠬᠦᠴᠦᠳᠡᠯ ᠬᠤᠪᠢᠰᠬᠠᠬᠤ ᠥᠷᠲᠡᠭᠡ ᠶᠢᠨ 10 ᠺᠢᠯᠤᠤᠣᠯᠲ ᠤᠨ ᠨᠡᠭᠡᠭᠡᠯᠭᠡ ᠶᠢᠨ ᠬᠤᠷᠭᠤ ᠶᠢ ᠥᠭᠡᠷᠡᠴᠢᠯᠡᠬᠦ ᠠᠵᠢᠯ ᠲᠡᠭᠦᠰ ᠠᠮᠵᠢᠯᠲᠠ ᠲᠠᠢ ᠳᠠᠭᠤᠰᠴᠤ᠂ ᠪᠥᠬᠦ ᠬᠤᠰᠢᠭᠤᠨ ᠤ ᠴᠠᠬᠢᠯᠭᠠᠨ ᠲᠤᠤᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠳᠤ ᠰᠢᠨ᠎ᠡ ᠪᠠᠲᠤᠯᠠᠭ᠎ᠠ ᠬᠠᠩᠭᠠᠪᠠ᠃    ᠳ᠋ᠤᠤ ᠰᠢ ᠮᠢᠶᠣᠣ ᠰᠦᠮ᠎ᠡ ᠶᠢᠨ 110 ᠬᠢᠯᠦᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢ 2005 ᠣᠨ 1 ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠮᠢᠩᠭᠠᠲᠤ ᠪᠠᠯᠭᠠᠰᠤ ᠠᠴᠠ ᠵᠡᠭᠦᠨᠰᠢ 15 ᠺᠢᠯᠣᠮᠧᠳ᠋ᠷ ᠤᠨ ᠭᠠᠵᠠᠷ ᠲᠤ ᠪᠠᠶᠢᠷᠢᠰᠢᠵᠤ᠂ ᠮᠠᠨ ᠤ ᠬᠤᠰᠢᠭᠤᠨ ᠤ ᠠᠩᠬᠠᠳᠠᠭᠴᠢ 110 ᠬᠢᠯᠦᠸᠠᠲ ᠤᠨ ᠶᠡᠷᠦᠩᠬᠡᠶᠢᠯᠡᠭᠰᠡᠨ ᠴᠠᠬᠢᠯᠭᠠᠨ ᠬᠤᠪᠢᠰᠬᠠᠬᠤ ᠥᠷᠲᠡᠭᠡ᠂ ᠮᠥᠨᠴᠦ ᠪᠦᠬᠦ ᠬᠤᠰᠢᠭᠤᠨ ᠤ ᠴᠠᠬᠢᠯᠭᠠᠨ ᠡᠭᠦᠰᠭᠡᠭᠴᠢ ᠶᠢᠨ ᠴᠤᠭᠯᠠᠷᠠᠯ ᠪᠠ ᠬᠤᠪᠢᠶᠠᠷᠢᠯᠠᠯᠲᠠ ᠶᠢᠨ ᠵᠠᠩᠭᠢᠯᠠᠭ᠎ᠠ ᠶᠢᠨ ᠴᠠᠬᠢᠯᠭᠠᠨ ᠬᠤᠪᠢᠰᠬᠠᠬᠤ ᠥᠷᠲᠡᠭᠡ ᠪᠣᠯᠤᠨ᠎ᠠ᠃ ᠠᠵᠤ ᠦᠶ᠋ᠯᠡᠳᠪᠦᠷᠢ ᠶᠢᠨ ᠬᠦᠷᠢᠶᠡᠯᠡᠩ ᠪᠠ ᠡᠷᠬᠢᠨ ᠲᠣᠭᠤᠷᠢᠨ ᠤ 1300 ᠭᠠᠷᠤᠶ ᠡᠷᠦᠬᠡ ᠮᠠᠯᠴᠢᠨ ᠲᠠᠷᠢᠶᠠᠴᠢᠨ ᠤ ᠴᠠᠬᠢᠯᠭᠠᠨ ᠬᠠᠩᠭᠠᠬᠤ ᠡᠭᠦᠷᠭᠡ ᠶᠢ ᠡᠭᠦᠷᠭᠡᠯᠡᠵᠦ᠂ ᠡᠳᠦᠷ ᠤᠨ ᠳᠤᠮᠳᠠᠴᠢ ᠠᠴᠢᠶ᠎ᠠ ᠨᠢ 12600 ᠬᠢᠯᠦᠸᠠᠲ ᠲᠤ ᠬᠦᠷᠴᠡᠶ᠃ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠬᠦ ᠠᠴᠠ ᠡᠮᠦᠨ᠎ᠡ᠂ ᠥᠷᠲᠡᠭᠡᠨ ᠳᠣᠲᠣᠷᠠᠬᠢ ᠴᠠᠬᠢᠯᠭᠠᠨ ᠲᠦᠭᠡᠭᠡᠬᠦ ᠲᠠᠰᠤᠭ ᠤᠨ 10 kv ᠨᠡᠭᠡᠭᠡᠯᠭᠡ ᠶᠢᠨ ᠬᠤᠷᠭᠤ ᠪᠣᠯ ᠳᠡᠭᠡᠳᠦ ᠳᠤᠤᠷᠠᠳᠤ ᠲᠤᠰᠠᠭᠠᠷᠯᠠᠭᠰᠠᠨ ᠮᠠᠶ᠋ᠢᠭ ᠤᠨ ᠨᠡᠭᠡᠭᠡᠯᠭᠡ ᠶᠢᠨ ᠬᠤᠷᠭᠤ ᠪᠣᠯᠤᠨ᠎ᠠ᠂ ᠲᠣᠰ ᠨᠡᠭᠡᠭᠡᠯᠭᠡ ᠶᠢᠨ ᠬᠤᠷᠭᠤ ᠶᠢᠨ ᠪᠠᠶᠢᠭᠤᠯᠤᠮᠵᠢ ᠨᠢ ᠬᠥᠰᠢᠭᠦᠨ᠂ ᠨᠠᠰᠤᠵᠢᠯᠲᠠ ᠬᠦᠨᠳᠦ ᠨᠣᠴᠢᠲᠠᠶ᠂ ᠳᠤᠲᠠᠭᠳᠠᠯ ᠪᠠᠶᠢᠨ ᠳᠠᠬᠢᠨ ᠡᠭᠦᠰᠴᠦ᠂ ᠴᠠᠬᠢᠯᠭᠠᠨ ᠬᠦᠷᠭᠡᠬᠦ ᠶᠢ ᠵᠣᠭᠰᠣᠭᠠᠭᠰᠠᠨ ᠰᠠᠯᠭᠠᠬᠤ ᠬᠠᠭᠠᠯᠲᠠ ᠶᠢ ᠪᠣᠳᠠᠲᠠᠶᠢᠵᠢᠭᠤᠯᠤᠭᠰᠠᠨ ᠥᠬᠡᠶ ᠪᠠᠶᠢᠳᠠᠯ ᠣᠯᠠᠨ ᠤᠳᠠᠭ᠎ᠠ ᠢᠯᠡᠷᠡᠵᠦ᠂ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠪᠠ᠃    ᠲᠣᠰ ᠢᠨᠵᠧᠨᠧᠷᠢᠩ ᠪᠣᠯ ᠰᠢᠯᠢ ᠶᠢᠨ ᠭᠤᠤᠯ ᠤᠨ ᠴᠠᠬᠢᠯᠭᠠᠨ ᠬᠠᠩᠭᠠᠬᠤ ᠺᠣᠮᠫᠠᠨᠢ ᠶᠢᠨ ᠣᠨ ᠤ ᠦᠶ᠋ᠯᠡᠳᠪᠦᠷᠢᠯᠡᠯ ᠤᠨ ᠭᠤᠤᠯᠳᠠᠯᠭ᠎ᠠ ᠲᠠᠢ ᠢᠨᠵᠧᠨᠧᠷᠢᠩ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ 504 ᠲᠦᠮᠡᠨ ᠲᠥᠭᠦᠷᠢᠭ ᠪᠣᠯᠤᠨ᠎ᠠ᠂ 6 ᠳ᠋ᠤᠭᠠᠷ ᠰᠠᠷ᠎ᠠ ᠶᠢᠨ 5 ᠤ ᠡᠳᠦᠷ ᠠᠵᠢᠯ ᠡᠬᠢᠯᠡᠭᠰᠡᠨ ᠠᠴᠠ ᠨᠠᠭᠠᠰᠢ᠂ ᠡᠮᠦᠨᠡᠬᠢ ᠬᠤᠭᠤᠴᠠᠭᠠᠨ ᠤ ᠠᠴᠢᠶ᠎ᠠ ᠶᠢᠨ ᠡᠷᠭᠢᠯᠲᠡ ᠶᠢᠨ ᠪᠦᠰᠡ ᠪᠠᠷ ᠳᠡᠮᠵᠢᠨ᠂ ᠤᠤᠯ ᠤᠨ 18 ᠲᠠᠯ᠎ᠠ ᠶᠢᠨ ᠲᠣᠭᠲᠠᠮᠠᠯ ᠬᠡᠯᠪᠡᠷᠢ ᠶᠢᠨ ᠨᠡᠭᠡᠭᠡᠯᠭᠡ ᠶᠢᠨ ᠠᠪᠳᠠᠷ᠎ᠠ ᠶᠢ ᠠᠪᠴᠤ ᠬᠠᠶᠠᠬᠤ᠂ ᠴᠠᠬᠢᠯᠭᠠᠨ ᠲᠦᠭᠡᠭᠡᠬᠦ ᠥᠷᠥᠭᠡᠨ ᠤ ᠨᠡᠭᠡᠭᠡᠯᠭᠡ ᠶᠢᠨ ᠠᠪᠳᠠᠷ᠎ᠠ ᠶᠢᠨ ᠰᠠᠭᠤᠷᠢ ᠵᠢᠴᠢ ᠴᠠᠬᠢᠯᠭᠠᠨ ᠳᠡᠭᠡᠰᠦᠨ ᠤ ᠭᠤᠤ ᠶᠢ ᠠᠪᠴᠤ ᠬᠠᠶᠠᠬᠤ᠂ ᠤᠰᠤᠯᠠᠬᠤ᠂ ᠰᠢᠨ᠎ᠡ ᠪᠠᠷ ᠪᠠᠶᠢᠭᠤᠯᠬᠤ 24 ᠲᠠᠯ᠎ᠠ ᠶᠢᠨ ᠨᠡᠭᠡᠭᠡᠯᠭᠡ ᠶᠢᠨ ᠠᠪᠳᠠᠷ᠎ᠠ ᠶᠢ ᠤᠭᠰᠠᠷᠠᠵᠤ ᠲᠣᠬᠢᠷᠠᠭᠤᠯᠤᠨ ᠲᠤᠷᠰᠢᠬᠤ᠂ 10 ᠬᠢᠯᠦᠸᠠᠲ ᠤᠨ ᠬᠠᠮᠠᠭᠠᠯᠠᠵᠤ ᠬᠡᠮᠵᠢᠨ ᠡᠵᠡᠮᠳᠡᠬᠦ ᠳᠡᠯᠭᠡᠴᠡ ᠵᠡᠷᠭᠡ ᠢᠵᠢ ᠪᠥᠷᠢᠳᠦᠭᠦᠯᠦᠭᠰᠡᠨ ᠬᠤᠶᠠᠳᠠᠬᠢ ᠤᠳᠠᠭᠠᠨ ᠤ ᠶᠡᠷᠦᠩᠬᠡᠶᠢᠯᠡᠭᠰᠡᠨ ᠰᠢᠰᠲ᠋ᠧᠮ ᠢᠶᠠᠨ ᠠᠪᠴᠤ ᠬᠠᠶᠠᠬᠤ ᠪᠠ ᠲᠣᠬᠢᠷᠠᠭᠤᠯᠤᠨ ᠲᠤᠷᠰᠢᠬᠤ ᠪᠠᠷ ᠳᠡᠮᠵᠢᠨ᠂ ᠬᠠᠮᠤᠭ ᠡᠴᠦᠰ ᠲᠤ ᠡᠯ᠎ᠡ ᠨᠡᠭᠡᠭᠡᠯᠭᠡ ᠶᠢᠨ ᠠᠪᠳᠠᠷ᠎ᠠ ᠶᠢ ᠴᠡᠨᠡᠭᠯᠡᠵᠦ᠂ ᠠᠴᠢᠶ᠎ᠠ ᠶᠢ ᠨᠢ ᠡᠷᠭᠢᠭᠦᠯᠵᠦ᠂ 91 ᠡᠳᠦᠷ᠂ ᠳ᠋ᠤᠤ ᠰᠢ ᠮᠢᠶᠣᠣ 110 ᠬᠢᠯᠦᠸᠠᠲ ᠤᠨ᠃    ᠲᠣᠰ ᠤᠳᠠᠭᠠᠨ ᠤ ᠥᠭᠡᠷᠡᠴᠢᠯᠡᠯᠲᠡ ᠶᠢᠨ ᠢᠨᠵᠧᠨᠧᠷᠢᠩ ᠳᠤ᠂ ᠪᠥᠬᠦ ᠬᠤᠰᠢᠭᠤᠨ ᠤ ᠴᠠᠬᠢᠯᠭᠠᠨ ᠲᠤᠤᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠳ᠋ᠤᠤ ᠰᠢ ᠮᠢᠶᠣᠣ ᠶᠢᠨ 110 ᠬᠢᠯᠦᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠰᠡᠭᠦᠯᠴᠢ ᠶᠢᠨ ᠬᠤᠭᠤᠴᠠᠭᠠᠨ ᠤ ᠳᠠᠭᠠᠭᠠᠴᠠ ᠶᠢᠨ ᠨᠡᠮᠡᠭᠳᠡᠯ ᠤᠨ ᠪᠠᠶᠢᠳᠠᠯ ᠳᠤ ᠰᠠᠭᠤᠷᠢᠯᠠᠵᠤ᠂ 10 kV ᠬᠡᠯᠪᠡᠷᠢ ᠶᠢᠨ ᠭᠠᠷ ᠲᠡᠷᠭᠡᠨ ᠤ ᠨᠡᠭᠡᠭᠡᠯᠭᠡ ᠶᠢᠨ ᠬᠤᠷᠭᠤ ᠶᠢ ᠰᠢᠨ᠎ᠡ ᠪᠠᠷ 24 ᠪᠠᠶᠢᠭᠤᠯᠵᠤ᠂ ᠤᠤᠯ ᠤᠨ ᠪᠠᠶᠢᠭᠰᠠᠨ ᠳᠠᠭᠠᠭᠠᠴᠠ ᠲᠠᠢ ᠭᠥᠯᠢᠶᠡᠨ ᠠᠪᠬᠤ ᠰᠠᠭᠤᠷᠢᠨ ᠳᠡᠭᠡᠷ᠎ᠡ᠂ ᠰᠢᠨ᠎ᠡ ᠪᠠᠷ 6 ᠤᠳᠠᠭ᠎ᠠ ᠱᠤᠭᠤᠮ ᠭᠠᠷᠭᠠᠵᠤ᠂ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠰᠢᠶ᠋ᠳᠪᠦᠷᠢᠯᠡᠭᠰᠡᠨ ᠢᠶᠠᠷ ᠪᠠᠷᠠᠬᠤ ᠥᠬᠡᠶ᠂ ᠴᠠᠬᠢᠯᠭᠠᠨ ᠲᠤᠤᠷ ᠤᠨ ᠳᠠᠭᠠᠭᠠᠴᠠ ᠶᠢᠨ ᠴᠢᠳᠠᠪᠤᠷᠢ ᠪᠠ ᠲᠣᠭᠲᠠᠭᠤᠨ ᠢᠶᠠᠷ ᠠᠵᠢᠯᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号