ᠺᠠᠩ ᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃
ᠨᠡᠶᠢᠲᠡᠯᠡᠭᠰᠡᠨ ᠴᠠᠭ᠄
2024/9/11
    9 ᠰᠠᠷ᠎ᠠ ᠶᠢᠨ 5 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠩ ᠢ ᠨᠡᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠺᠠᠩ ᠢ ᠤᠷᠢᠳ ᠬᠤᠵᠢᠳ ᠴᠠᠭᠠᠨᠪᠣᠩ ᠲᠣᠰᠬᠤᠨ᠂ ᠦ ᡁᠢ ᠵᠢᠶᠠᠨ ᠲᠣᠰᠬᠤᠨ᠂ ᠪᠠᠷᠠᠭᠤᠨ ᠬᠤᠶᠢᠲᠤ ᠶᠢᠨ ᠤᠯᠠᠭᠠᠨ ᠡᠪᠡᠰᠦ ᠪᠣᠷᠳᠤᠭ᠎ᠠ ᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠺᠣᠮᠫᠠᠨᠢ ᠳᠤ ᠭᠦᠨᠵᠡᠭᠡᠶᠢᠷᠡᠵᠦ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠪᠰᠤᠷᠤᠨ ᠲᠡᠳᠬᠦᠬᠦ ᠲᠥᠷᠥᠯ ᠵᠦᠶ᠋ᠯ ᠤᠨ ᠴᠠᠰᠤᠨ ᠤᠳᠪᠠᠯᠠ ᠴᠡᠴᠡᠭ᠂ ᠡᠯᠡᠰᠦᠨ ᠰᠣᠩᠭᠢᠨ᠎ᠠ ᠶᠢᠨ ᠲᠠᠷᠢᠮᠠᠯ ᠤᠨ ᠪᠠᠶᠢᠳᠠᠯ ᠪᠣᠯᠤᠨ ᠡᠪᠡᠰᠦ ᠪᠣᠷᠳᠤᠭ᠎ᠠ ᠦᠶ᠋ᠯᠡᠳᠪᠦᠷᠢᠯᠡᠵᠦ ᠡᠳ᠋ᠰᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠰᠢᠶᠠᠯ ᠡᠭᠦᠷᠭᠡᠯᠡᠭᠰᠡᠨ ᠺᠠᠳ᠋ᠷ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠦᠢᠯᠡᠳᠬᠦᠨ ᠤ ᠪᠣᠷᠣᠯᠠᠭᠤᠯᠭ᠎ᠠ ᠶᠢ ᠰᠠᠶᠢᠲᠤᠷ ᠬᠢᠵᠦ᠂ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠠᠬᠢᠪᠠ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠺᠠᠩ ᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢ᠊ ᠡᠶ᠎ᠡ ᠠᠴᠠ ᠰᠢᠨ᠎ᠡ ᠬᠥᠭᠵᠢᠯᠲᠡ ᠶᠢᠨ ᠱᠠᠲᠤᠨ ᠳᠤ ᠴᠢᠭᠯᠡᠭᠦᠯᠦᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠣᠨᠢᠨ ᠳᠡᠭᠡᠷ᠎ᠡ ᠨᠢ ᠬᠦᠴᠦᠯᠡᠬᠦ ᠶᠢ ᠳᠣᠪᠤᠶᠢᠯᠭᠠᠵᠤ᠂ ᠰᠤᠷᠭᠠᠨ ᠬᠥᠮᠦᠵᠢᠯ᠂ ᠠᠵᠤ ᠦᠶ᠋ᠯᠡᠰ᠂ ᠬᠡᠷᠡᠭᠯᠡᠭᠡ ᠵᠡᠷᠭᠡ ᠬᠦᠷᠢᠶᠡᠨ ᠳᠤ ᠦᠷᠭᠦᠯᠵᠢᠯᠡᠨ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠲᠠᠯ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠢᠶᠠᠨ ᠶᠢᠨ ᠴᠠᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠬᠠᠭᠤᠯᠬᠤ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号