ᠰᠢᠯᠢ ᠶᠢᠨ ᠭᠤᠣᠯ ᠠᠶᠢᠮᠠᠭ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ ᠶᠢᠨ ᠨᠡᠮᠡᠭᠳᠡᠯ ᠤᠨ ᠬᠤᠷᠳᠤᠴᠠ ᠭᠤᠷᠪᠠᠨ ᠵᠢᠯ ᠲᠠᠷᠠᠭᠠᠯᠠᠨ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠦᠨᠳᠦᠷ ᠪᠤᠯᠪᠠ
ᠨᠡᠶᠢᠲᠡᠯᠡᠭᠰᠡᠨ ᠴᠠᠭ᠄
2024/9/11
    ᠰᠤᠷᠪᠤᠯᠵᠢᠯᠠᠭᠴᠢ ᠲᠤᠮᠳᠠᠳᠦ ᠤᠯᠤᠰ ᠤᠨ ᠠᠷᠠᠳ ᠤᠨ ᠪᠠᠩᠭᠢ ᠶᠢᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠪᠠᠩᠭᠢ ᠶᠢᠨ ᠰᠤᠨᠢᠨ ᠮᠡᠳᠡᠭᠡ ᠨᠡᠶᠢᠳᠡᠯᠡᠭᠦ ᠬᠤᠷᠠᠯ ᠠᠴᠠ ᠤᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠲᠦᠷᠦᠯ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ 1371.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 3.6 ᠵᠠᠭᠤᠨ ᠤ ᠨᠢᠭᠡᠴᠢ ᠳᠡᠭᠡᠭᠰᠢᠯᠡᠵᠦ᠂ ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ ᠣᠶᠢᠷ᠎ᠠ ᠶᠢᠨ ᠭᠤᠷᠪᠠᠨ ᠵᠢᠯ ᠳᠤ᠂ ᠪᠥᠬᠦ ᠠᠶᠢᠮᠠᠭ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ ᠶᠢᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠣᠳᠣᠬᠠᠨ ᠳᠤ ᠡᠨᠡ ᠬᠦ ᠪᠠᠶᠢᠳᠠᠯ ᠢ ᠮᠥᠨ ᠬᠦ ᠪᠠᠲᠤᠯᠠᠭᠰᠠᠭᠠᠷ ᠪᠠᠶᠢᠨ᠎ᠠ᠃ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ 821.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ︔ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠦᠯᠡᠳᠡᠪᠦᠷᠢ ᠮᠦᠡᠭᠭᠦ 478.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.1% ᠪᠠᠷ ᠨᠡᠮᠡᠭᠳᠡᠪᠡ︔ ᠪᠥᠬᠦ ᠠᠶᠢᠮᠠᠭ ᠤᠨ ᠰᠢᠨᠵᠢᠯᠡᠬᠦ ᠮᠡᠷᠭᠡᠵᠢᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠮᠦᠡᠭᠭᠦ 79.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 70.7% ᠪᠠᠷ ᠨᠡᠮᠡᠭᠳᠡᠪᠡ︔ ᠪᠥᠬᠦ ᠠᠶᠢᠮᠠᠭ ᠤᠨ ᠪᠣᠬᠢᠷᠲᠤᠯ ᠦᠭᠡᠢ ᠵᠢᠭᠡᠯᠡᠯᠭᠡ ᠶᠢᠨ ᠦᠯᠡᠳᠡᠪᠦᠷᠢ ᠮᠦᠡᠭᠭᠦ 423.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37. 7% ᠪᠠᠷ ᠨᠡᠮᠡᠭᠳᠡᠪᠡ᠃    ᠮᠠᠯᠵᠢᠬᠤ ᠲᠠᠷᠢᠶᠠᠯᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠠᠬᠢᠭᠤᠯᠬᠤ ᠶᠠᠪᠤᠴᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠪᠠᠩᠬᠢ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠮᠠᠯᠵᠢᠬᠤ ᠡᠷᠦᠬᠡ ᠶᠢ ᠬᠠᠪᠰᠤᠷᠤᠨ ᠬᠦᠴᠢᠷ ᠢ ᠳᠤᠭᠤᠯᠵᠤ᠂ ᠣᠳᠣᠬᠠᠨ ᠳᠤ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠡᠷᠢᠶᠡᠨ ᠬᠤᠲᠠ ᠶᠢᠨ ᠬᠠᠤᠯᠢ ᠶᠢᠨ ᠡᠷᠬᠡᠲᠡᠨ ᠤ ᠪᠠᠩᠬᠢ ᠳᠤ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠦ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠶᠢ 0.8 ᠳ᠋ᠦᠩᠰᠢᠭᠤᠷ ᠲᠥᠭᠦᠷᠢᠭ ᠲᠠᠷᠬᠠᠭᠠᠵᠤ᠂ ᠦᠯᠡᠳᠡᠪᠦᠷᠢ ᠮᠦᠡᠭᠭᠦ ᠨᠢ 2.1 ᠳ᠋ᠦᠩᠰᠢᠭᠤᠷ ᠲᠥᠭᠦᠷᠢᠭ ᠪᠣᠯᠪᠡ᠃ ᠭᠤᠷᠪᠠᠨ ᠭᠠᠵᠠᠷ ᠤᠨ 117 ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ 214 ᠦᠢᠯᠡᠴᠢᠯᠡᠭᠡᠨ ᠤ ᠡᠷᠦᠬᠡ ︵ᠤᠳᠠᠭ᠎ᠠ︶ ᠲᠠᠢ ᠵᠣᠯᠭᠠᠭᠤᠯᠵᠤ᠂ 0.7  ᠳ᠋ᠦᠩᠰᠢᠭᠤᠷ  ᠲᠥᠭᠦᠷᠢᠭ  ᠤᠨ  ᠢᠲᠡᠭᠡᠮᠵᠢ  ᠣᠯᠵᠤ  ᠂  ᠢᠲᠡᠭᠡᠮᠵᠢ ᠶᠢ ᠬᠡᠷᠡᠭᠯᠡᠭᠰᠡᠨ ᠨᠣᠷᠮ᠎ᠠ  ᠨᠢ  98.5%  ᠳᠤ  ᠬᠥᠷᠪᠡ︔ 3 ᠬᠠᠤᠯᠢ ᠶᠢᠨ ᠡᠷᠬᠡᠲᠡᠨ ᠤ ᠪᠠᠶᠢᠭᠤᠯᠤᠮᠵᠢ ᠠᠴᠠ ᠭᠤᠷᠪᠠᠨ ᠵᠢᠯ ᠪᠡᠯᠴᠢᠭᠡᠷ ᠨᠢ ᠨᠤᠭᠤᠭᠠᠷᠠᠭᠠᠳᠤᠢ 7 ᠰᠤᠮᠤ ᠶᠢᠨ 118 ᠡᠷᠦᠭᠡ ᠶᠢᠨ ᠮᠠᠯᠴᠢᠨ ᠲᠠᠷᠢᠶᠠᠴᠢᠨ ᠳᠤ 0.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠤᠭᠤᠴᠠᠭ᠎ᠠ ᠶᠢ ᠨᠢ ᠤᠷᠲᠤᠳᠬᠠᠨ ᠦᠷᠭᠦᠯᠵᠢᠯᠡᠨ ᠵᠢᠭᠡᠯᠡᠭᠦᠯᠪᠡ︔ 590 ᠮᠠᠯᠵᠢᠬᠤ ᠲᠠᠷᠢᠶᠠᠯᠠᠬᠤ ᠡᠷᠦᠬᠡ ᠶᠢᠨ 1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠵᠤ᠂ ᠳᠤᠮᠳᠠᠴᠢ ᠪᠠᠷ 3.5 ᠵᠠᠭᠤᠨ ᠤ ᠨᠢᠭᠡᠴᠢ ᠪᠠᠭᠤᠷᠠᠭᠤᠯᠤᠨ᠂ ᠵᠢᠯ ᠤᠨ 340 ᠲᠦᠮᠡᠨ ᠲᠥᠭᠦᠷᠢᠭ ᠤᠨ ᠬᠦᠦ ᠮᠥᠩᠭᠦ ᠶᠢ ᠨᠢ ᠠᠷᠪᠢᠯᠠᠵᠦ ᠦᠭᠪᠡ︔ 145 ᠮᠠᠯᠵᠢᠬᠤ ᠲᠠᠷᠢᠶᠠᠯᠠᠬᠤ ᠡᠷᠦᠬᠡ ᠳᠤ ᠲᠤᠤᠷ᠎ᠠ ᠭᠦᠦ ᠮᠦᠡᠭᠭᠦ ᠪᠠᠷ 0.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃
 
ᠢᠷᠡᠯᠲᠡ᠄ ᠰᠢᠯᠢ ᠶᠢᠨ ᠭᠤᠣᠯ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号