ᠴᠢᠨᠠᠷ ᠰᠠᠶᠢᠳᠠᠢ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠪᠤᠷᠤᠯᠠᠭᠤᠯᠭ᠎ᠠ ᠶᠢᠨ ᠵᠠᠮ ᠢᠶᠠᠷ ᠰᠠᠶᠢᠳᠦᠷ ᠵᠠᠮᠨᠠᠵᠦ ᠰᠢᠯᠢ ᠶᠢᠨ ᠭᠤᠤᠯ ᠴᠠᠭᠠᠨ ᠢᠳᠡᠭᠡᠨ ᠤ ᠪᠤᠷᠤᠯᠠᠭᠤᠯᠭ᠎ᠠ ᠶᠢᠨ ᠦᠷᠳᠡᠭ ᠳ᠋ᠦᠡᠭᠰᠢᠭᠤᠷ ᠲᠦᠭᠦᠷᠢᠭ ᠢ ᠲᠠᠪᠠᠪᠠ
ᠨᠡᠶᠢᠲᠡᠯᠡᠭᠰᠡᠨ ᠴᠠᠭ᠄
2024/9/11
    ᠰᠤᠷᠪᠤᠯᠵᠢᠯᠠᠭᠴᠢ ᠠᠶᠢᠮᠠᠭ ᠤᠨ ᠨᠡᠷᠡᠳᠦ ᠲᠡᠮᠳᠡᠭ ᠤᠨ ᠪᠠᠶᠢᠭᠤᠯᠤᠯᠳᠠ ᠶᠢ ᠠᠬᠢᠭᠤᠯᠬᠤ ᠲᠦᠪ ᠠᠴᠠ ᠤᠶᠢᠯᠠᠭᠠᠭᠰᠠᠨ ᠢᠶᠠᠷ᠂ 8 ᠰᠠᠷ᠎ᠠ ᠶᠢᠨ ᠡᠭᠢ ᠪᠤᠯᠳᠠᠯ᠎ᠠ᠂ ᠪᠦᠭᠦ ᠠᠶᠢᠮᠠᠭ ᠤᠨ ᠰᠢᠯᠢ ᠶᠢᠨ ᠭᠤᠤᠯ ᠴᠠᠭᠠᠨ ᠢᠳᠡᠭᠡᠨ ᠤ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷᠡᠳᠦ ᠲᠡᠮᠳᠡᠭ ᠤᠨ ᠡᠷᠭᠡ ᠤᠯᠭᠤᠬᠰᠠᠨ 69 ᠡᠵᠡᠩᠨᠡᠯᠳᠡ ᠶᠢᠨ ᠭᠤᠤᠯ ᠴᠤᠬᠴᠠ ᠨᠡᠶᠢᠳᠡ 1600 ᠭᠠᠷᠤᠢ ᠲᠤᠨ ᠴᠠᠭᠠᠨ ᠢᠳᠡᠭᠡ ᠦᠢᠯᠡᠳᠪᠦᠷᠢᠯᠡᠵᠦ᠂ ᠪᠤᠷᠤᠯᠠᠭᠤᠯᠭ᠎ᠠ ᠶᠢᠨ ᠶᠡᠷᠦᠩᠭᠡᠢ ᠦᠷᠳᠡᠭ 1 ᠳ᠋ᠦᠡᠭᠰᠢᠭᠤᠷ ᠲᠦᠭᠦᠷᠢᠭ ᠢ ᠲᠠᠪᠠᠵᠠᠢ᠃    ᠨᠢᠳᠦᠨᠦᠨ ᠤ 9 ᠰᠠᠷ᠎ᠠ ᠳᠤ᠂ ᠰᠢᠯᠢ ᠶᠢᠨ ᠭᠤᠤᠯ ᠴᠠᠭᠠᠨ ᠢᠳᠡᠭᠡᠨ ᠤ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷᠡᠳᠦ ᠲᠡᠮᠳᠡᠭ ᠨᠢ ᠭᠦᠬᠡᠬᠤᠳᠠ ᠳᠤ ᠵᠢᠩᠭᠢᠨᠢ ᠪᠠᠷ ᠭᠠᠳᠠᠭᠰᠢ ᠨᠡᠶᠢᠳᠡᠯᠡᠭᠳᠡᠵᠦ᠂ ᠠᠩᠬᠠᠳᠠᠭᠴᠢ ᠬᠤᠰᠢᠭᠤᠴᠢ ᠲᠡᠯᠭᠡᠭᠦᠷ ᠡᠷᠦᠭᠡ ᠪᠠᠨ ᠰᠡᠭᠦᠨ᠂ ᠦᠷᠭᠡᠨ ᠤᠯᠠᠨ ᠬᠤᠳᠠ ᠶᠢᠨ ᠠᠷᠠᠳ ᠪᠤᠯᠤᠨ ᠵᠢᠭᠤᠯᠴᠢᠯᠠᠬᠴᠢ ᠶᠢᠨ ᠠᠩᠬᠠᠷᠤᠯ ᠢ ᠲᠠᠳᠠᠪᠠ᠃ ︽ᠡᠨᠡ ᠪᠤᠯ ᠭᠠᠳᠠᠭᠠᠳᠦ ᠤᠯᠤᠰ ᠤᠨ ᠨᠢᠭᠡᠨ ᠵᠢᠭᠤᠯᠴᠢᠯᠠᠬᠴᠢ ᠴᠠᠭᠠᠨ ᠢᠳᠡᠭᠡ ᠶᠢ ᠠᠮᠰᠠᠵᠦ ᠪᠠᠶᠢᠭ᠎ᠠ ᠪᠢᠴᠢᠯᠭᠡ ᠪᠤᠯᠤᠨ᠎ᠠ᠂ ᠪᠢᠳᠡᠨ ᠤ ᠴᠠᠭᠠᠨ ᠢᠳᠡᠭᠡ ᠲᠡᠭᠦᠨ ᠳᠤ ᠮᠠᠰᠢ ᠲᠠᠭᠠᠯᠠᠬᠳᠠᠵᠦ ᠪᠠᠶᠢᠯ᠎ᠠ᠂ ᠬᠠᠭᠠᠰ ᠵᠢᠯ ᠭᠠᠷᠦᠢ ᠶᠢᠨ ᠲᠤᠷᠰᠢ ᠰᠢᠯᠢ ᠶᠢᠨ ᠭᠤᠤᠯ ᠴᠠᠭᠠᠨ ᠢᠳᠡᠭᠡᠨ ᠤ ᠪᠤᠷᠤᠯᠠᠭᠤᠯᠭ᠎ᠠ ᠦᠷᠭᠦᠯᠵᠢᠯᠡᠨ ᠰᠠᠶᠢᠵᠢᠷᠡᠵᠦ ᠪᠠᠶᠢᠭ᠎ᠠ ᠮᠦᠷᠳᠡᠭᠡᠨ ᠤᠯᠠᠨ ᠢᠶᠠᠷ ᠢᠶᠠᠨ ᠴᠦᠮ ᠰᠠᠶᠢᠨ ᠦᠨᠡᠯᠡᠯᠳᠡ ᠦᠭᠴᠦ ᠪᠠᠶᠢᠨ᠎ᠠ︾ ᠭᠡᠵᠦ ᠭᠦᠬᠡᠬᠤᠳᠠ ᠶᠢᠨ 4 ᠰᠢᠯᠢ ᠶᠢᠨ ᠭᠤᠤᠯ ᠴᠠᠭᠠᠨ ᠢᠳᠡᠭᠡᠨ ᠤ ᠲᠤᠰᠬᠠᠢ ᠡᠵᠡᠩᠨᠡᠯᠳᠡ ᠶᠢᠨ ᠲᠡᠯᠭᠡᠭᠦᠷ ᠤᠨ ᠬᠠᠷᠢᠭᠤᠴᠠᠯᠭᠠᠳᠠᠨ ᠸᠠᠩ ᠰᠢᠶᠤᠤ ᠸᠧᠢ ᠶᠠᠷᠢᠨ᠎ᠠ᠃    ᠨᠢᠳᠦᠨᠦᠨ ᠵᠢᠯ ᠠᠴᠠ ᠨᠠᠭᠠᠰᠢ᠂ ᠮᠠᠨ ᠤ ᠠᠶᠢᠮᠠᠭ ᠲᠤᠮᠳᠠᠳᠦ ᠤᠯᠤᠰ ᠤᠨ ᠴᠢᠯᠠᠭᠤᠨ ᠲᠤᠰᠤ᠂ ᠲᠤᠮᠳᠠᠳᠦ ᠤᠯᠤᠰ ᠤᠨ ᠰᠢᠤᠳᠠᠨ᠂ ᠦᠪᠤᠷ ᠮᠤᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠭᠡᠯ ᠤᠨ ᠪᠠᠭᠤᠳᠠᠯ ᠤᠨ ᠪᠦᠯᠦᠭᠯᠡᠯ᠂ ᠳ᠋ᠦᠡᠭ ᠹᠠᠨᠭ᠌ ᠵᠧᠨ ᠰᠢᠤᠸᠠᠨ ᠵᠡᠷᠭᠡ ᠠᠵᠦ ᠠᠬᠤᠶᠢᠯᠠᠯ ᠲᠠᠢ ᠰᠢᠯᠢ ᠶᠢᠨ ᠭᠤᠤᠯ ᠴᠠᠭᠠᠨ ᠢᠳᠡᠭᠡ ᠶᠢ ᠪᠤᠷᠤᠯᠠᠭᠤᠯᠬᠤ ᠬᠠᠮᠳᠤᠷᠠᠯᠴᠠᠭ᠎ᠠ ᠦᠷᠨᠢᠭᠦᠯᠵᠦ᠂ ᠪᠦᠭᠦ ᠠᠵᠦ ᠦᠢᠯᠡᠰ ᠤᠨ ᠭᠡᠯᠬᠢᠶ᠎ᠠ ᠶᠢᠨ ᠲᠦᠷᠦ ᠶᠢᠨ ᠪᠤᠳᠤᠯᠭ᠎ᠠ ᠶᠢ ᠭᠡᠷᠡᠭᠵᠢᠭᠦᠯᠦᠨ᠂ ᠦᠨᠳᠦᠷ ᠬᠢᠷᠢ ᠲᠦᠪᠰᠢᠨ ᠢᠶᠠᠷ ᠶᠠᠰᠦ ᠴᠢᠨᠠᠷ ᠤᠨ ᠬᠢᠨᠠᠯᠳᠠ ᠬᠠᠮᠢᠶᠠᠷᠤᠯᠳᠠ ᠬᠢᠵᠦ᠂ ᠤᠯᠠᠨ ᠱᠠᠳᠤᠨ ᠤ ᠵᠠᠭᠤᠴᠢᠯᠠᠭᠤᠷ ᠤᠨ ᠲᠠᠪᠴᠠᠩ ᠲᠠᠢ ᠬᠠᠮᠵᠢᠯᠴᠠᠨ ᠤᠬᠠᠭᠤᠯᠭ᠎ᠠ ᠪᠤᠷᠤᠯᠠᠭᠤᠯᠭ᠎ᠠ ᠶᠢᠨ ᠪᠠᠶᠢᠷᠢᠰᠢᠯ ᠢ ᠡᠭᠦᠳᠦᠨ᠂ ︽ᠰᠢᠯᠢ ᠶᠢᠨ ᠭᠤᠤᠯ ᠴᠠᠭᠠᠨ ᠢᠳᠡᠭᠡ᠂ ᠲᠤᠮᠳᠠᠳᠤᠴᠤᠳ ᠤᠨ ᠦᠪᠡᠷ ᠤᠨ ᠴᠠᠭᠠᠨ ᠢᠳᠡᠭᠡ︾ ᠶᠢ ᠭᠦᠮᠦᠰ ᠤᠨ ᠰᠡᠳᠭᠢᠯ ᠳᠤ ᠭᠦᠨ ᠬᠠᠳᠠᠩᠰᠢᠭᠤᠯᠪᠠ᠃ ᠡᠭᠦᠨ ᠤ ᠬᠠᠮᠳᠦ᠂ ᠰᠢᠯᠢ ᠶᠢᠨ ᠭᠤᠤᠯ ᠠᠶᠢᠮᠠᠭ ᠤᠨ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠳᠠ ᠭᠦᠭᠵᠢᠭᠦᠯᠦᠯᠳᠡ ᠶᠢᠨ ᠬᠢᠵᠠᠭᠠᠷᠳᠦ ᠺᠤᠮᠫᠠᠨᠢ ᠶᠢᠨ ᠬᠠᠷᠢᠭᠤᠴᠠᠨ ᠡᠵᠡᠩᠨᠡᠵᠦ ᠪᠠᠶᠢᠭ᠎ᠠ ︽ᠰᠢ ᠰᠢ ᠵᠧᠨ ᠫᠢᠨ︾ ᠴᠤᠤᠷᠢᠶ᠎ᠠ ᠲᠠᠪᠴᠠᠩ ᠤᠨ ᠲᠠᠯᠭᠡᠭᠦᠷ᠂ ᠵᠢᠩ ᠳ᠋ᠦᠡᠭ ᠨᠡᠷᠡᠳᠦ ᠲᠡᠮᠳᠡᠭ ᠤᠨ ᠬᠤᠰᠢᠭᠤᠴᠢ ᠲᠡᠯᠭᠡᠭᠦᠷ ᠤᠨ ᠰᠢᠯᠢ ᠶᠢᠨ ᠭᠤᠤᠯ ᠴᠠᠭᠠᠨ ᠢᠳᠡᠭᠡᠨ ᠤ ᠰᠦᠯᠵᠢᠶᠡᠨ ᠲᠡᠭᠡᠷᠡᠭᠢ ᠪᠤᠷᠤᠯᠠᠭᠤᠯᠭ᠎ᠠ ᠨᠢ 130 ᠲᠦᠮᠡᠡ ᠲᠦᠭᠦᠷᠢᠭ ᠭᠦᠷᠴᠠᠢ᠃ ᠡᠭᠦᠨ ᠤ ᠲᠤᠬᠠᠢ ᠡᠯᠧᠺᠳ᠋ᠷᠣᠨ ᠬᠤᠳᠠᠯᠳᠤᠭᠠᠨ ᠤ ᠬᠠᠷᠢᠭᠤᠴᠠᠯᠭᠠᠳᠠᠨ ᠪᠠᠢ ᠵᠢᠶᠧ᠄ ︽ᠰᠢᠯᠢ ᠶᠢᠨ ᠭᠤᠤᠯ ᠴᠠᠭᠠᠨ ᠢᠳᠡᠭᠡᠨ ᠤ ᠭᠡᠷᠡᠭᠯᠡᠭᠴᠢ ᠪᠦᠭᠦ ᠤᠯᠤᠰ ᠲᠤ ᠲᠠᠷᠬᠠᠵᠦ᠂ ᠡᠭᠦᠨ ᠤ ᠲᠤᠳᠤᠷ᠎ᠠ ᠴᠠᠭᠠᠨ ᠢᠳᠡᠭᠡ ᠪᠠᠷ ᠭᠢᠭᠰᠡᠨ ᠰᠤᠯᠠ ᠢᠳᠡᠭᠡᠨ ᠤ ᠰᠢᠷᠢᠰ ᠪᠦᠳᠦᠭᠡᠭᠳᠡᠭᠦᠨ ᠨᠢ ᠭᠤᠸᠠᠩᠳᠦ᠋ᠡᠭ᠂ ᠱᠠᠩᠬᠠᠢ ᠵᠡᠷᠭᠡ ᠡᠮᠦᠨ᠎ᠠ ᠤᠷᠤᠨ ᠤ ᠭᠡᠷᠡᠭᠯᠡᠭᠴᠢᠳ ᠲᠤ ᠮᠠᠰᠢ ᠲᠠᠭᠠᠯᠠᠬᠳᠠᠵᠦ ᠪᠠᠶᠢᠨ᠎ᠠ︾ ᠭᠡᠮᠡᠨ ᠲᠠᠨᠢᠯᠴᠠᠭᠤᠯᠤᠯ᠎ᠠ᠃    2023 ᠤᠨ ᠤ 6 ᠰᠠᠷ᠎ᠠ ᠳᠤ᠂ ᠶᠡᠷᠦᠩᠭᠡᠢ ᠱᠦᠵᠢ ᠰᠢ ᠶᠢᠨ ᠫᠢᠡᠭ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ ᠳᠠᠭᠠᠨ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠪᠤᠬᠢᠷᠳᠦᠯ ᠦᠭᠡᠢ ᠤᠷᠭᠠᠨᠢᠭ ᠨᠡᠷᠡᠳᠦ ᠲᠡᠮᠳᠡᠭ ᠢ ᠡᠭᠦᠳᠭᠦ ᠶᠢ ᠰᠠᠶᠢᠳᠦᠷ ᠠᠳᠬᠤᠬᠤ ᠭᠡᠷᠡᠭᠳᠡᠢ ᠭᠡᠵᠦ ᠴᠢᠬᠤᠯᠠᠴᠢᠯᠠᠪᠠ᠃ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠭᠠᠷᠭᠠᠬᠤ ᠭᠦᠷᠳᠡᠯ᠎ᠠ᠂ ᠰᠢᠯᠢ ᠶᠢᠨ ᠭᠤᠤᠯ ᠠᠶᠢᠮᠠᠭ ᠠᠴᠠ ᠪᠦᠭᠦ ᠤᠯᠤᠰ ᠲᠤ ᠭᠠᠷᠭᠠᠬᠤ ᠭᠦᠷᠳᠡᠯ᠎ᠠ᠂ ᠰᠢᠯᠢ ᠶᠢᠨ ᠭᠤᠤᠯ ᠴᠠᠭᠠᠨ ᠢᠳᠡᠭᠡᠨ ᠤ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷᠡᠳᠦ ᠲᠡᠮᠳᠡᠭ ᠨᠢ ᠰᠢᠯᠢ ᠶᠢᠨ ᠭᠤᠤᠯ ᠠᠶᠢᠮᠠᠭ ᠤᠨ ᠨᠡᠷᠡᠳᠦ ᠲᠡᠮᠳᠡᠭ ᠤᠨ ᠭᠦᠭᠵᠢᠯᠳᠡ ᠵᠢᠴᠢ ᠰᠠᠭᠠᠯᠢ ᠶᠢᠨ ᠦᠢᠯᠡᠰ ᠢ ᠭᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠭᠡᠷᠡᠭᠵᠢᠭᠦᠯᠦᠭᠰᠡᠨ᠂ ᠤᠷᠤᠨ ᠨᠤᠳᠤᠭ ᠤᠨ ᠤᠨᠴᠠᠯᠢᠬᠳᠦ ᠰᠦᠨ ᠪᠦᠳᠦᠭᠡᠭᠳᠡᠭᠦᠨ ᠤ ᠠᠵᠦ ᠦᠢᠯᠡᠰ ᠤᠨ  ᠴᠢᠨᠠᠷ  ᠰᠠᠶᠢᠳᠠᠢ  ᠭᠦᠭᠵᠢᠯᠳᠡ  ᠶᠢ ᠠᠬᠢᠭᠤᠯᠤᠬᠰᠠᠨ᠂ ᠵᠠᠰᠠᠭ ᠤᠨ ᠤᠷᠳᠤᠨ ᠲᠡᠮᠵᠢᠵᠦ ᠪᠦᠭᠦ  ᠭᠦᠴᠦᠨ ᠢᠶᠠᠷ  ᠡᠭᠦᠳᠦᠭᠰᠡᠨ ᠴᠢᠨᠠᠷ ᠰᠠᠶᠢᠳᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ  ᠪᠦᠳᠦᠭᠡᠭᠳᠡᠭᠦᠨ  ᠤ  ᠨᠡᠷᠡᠳᠦ  ᠲᠡᠮᠳᠡᠭ  ᠪᠤᠯᠵᠠᠢ᠃ ᠨᠡᠷᠡᠳᠦ ᠲᠡᠮᠳᠡᠭ ᠢ ᠡᠭᠦᠳᠦᠨ ᠪᠠᠶᠢᠭᠤᠯᠤᠬᠰᠠᠨ ᠠᠴᠠ ᠨᠠᠭᠠᠰᠢ᠂ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠭᠦᠯᠭᠦ᠂ ᠦᠮᠴᠢᠯᠡᠯ ᠤᠨ ᠡᠷᠭᠡ ᠶᠢᠨ ᠬᠠᠮᠢᠶᠠᠷᠤᠯᠳᠠ ᠶᠢ ᠴᠢᠩᠭᠠᠳᠬᠠᠬᠤ᠂ ᠮᠦᠷᠳᠡᠨ ᠨᠡᠭᠡᠮᠵᠢᠯᠡᠭᠦ ᠰᠢᠰᠲ᠋ᠧᠮ ᠢ ᠪᠦᠷᠢᠨᠰᠢᠭᠦᠯᠭᠦ᠂ ᠨᠡᠷᠡᠳᠦ ᠲᠡᠮᠳᠡᠭ ᠤᠨ ᠤᠬᠠᠭᠤᠯᠭ᠎ᠠ ᠶᠢ ᠴᠢᠩᠭᠠᠳᠬᠠᠬᠤ᠂ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠭᠦ ᠪᠠᠷ ᠲᠠᠮᠵᠢᠭᠤᠯᠤᠨ᠂ ᠰᠢᠯᠢ ᠶᠢᠨ ᠭᠤᠤᠯ ᠴᠠᠭᠠᠨ ᠢᠳᠡᠭᠡᠨ ᠤ ᠨᠡᠷ᠎ᠠ ᠠᠯᠳᠠᠷᠰᠢᠯ ᠪᠠ ᠨᠦᠯᠦᠭᠡᠯᠡᠭᠦ ᠭᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠪᠡ᠃
 
ᠢᠷᠡᠯᠲᠡ᠄ ᠰᠢᠯᠢ ᠶᠢᠨ ᠭᠤᠣᠯ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号