ᠥᠪᠥᠷ ᠮᠣᠩᠭᠤᠯ ᠤᠨ ᠶᠤᠸᠠᠨ ᠬᠤᠤ ᠢᠮᠠᠭᠠᠨ ᠨᠣᠯᠤᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠨᠤᠤᠰᠤ ᠤᠬᠢᠶᠠᠵᠤ ᠨᠣᠯᠤᠤᠷ ᠰᠡᠶᠢᠷᠡᠭᠵᠢᠭᠦᠯᠬᠦ ᠵᠢᠴᠢ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶ᠋ᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠢᠯᠡ ᠨᠡᠶᠢᠲᠡᠯᠡᠪᠡ᠃
ᠨᠡᠶᠢᠲᠡᠯᠡᠭᠰᠡᠨ ᠴᠠᠭ᠄
2024/9/12
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠴᠢᠬᠤᠯᠠ  ᠶᠡᠭᠡ ᠵᠦᠶ᠋ᠯᠡᠰ ᠎ ᠤᠨ  ᠨᠡᠶᠢᠭᠡᠮ  ᠤᠨ  ᠲᠣᠭᠲᠠᠭᠤᠨ ᠎ ᠤ  ᠲᠦᠭᠰᠢᠭᠦᠷᠢ ᠎ ᠶᠢ  ᠦᠨᠡᠯᠡᠨ  ᠵᠢᠱᠢᠬᠦ  ᠠᠵᠢᠯ ᠎ ᠤᠨ  ᠠ᠊ ‍ᠵᠢᠯᠯᠠᠭᠤᠯᠬᠤ  ᠲᠦᠷᠢᠮ  ︵ ᠲᠤᠷᠰᠢᠨ  ᠬᠡᠷᠡᠭᠵᠢᠭᠦᠯᠬᠦ  ︶︾ ︵ᠥᠪᠥᠷ ᠲᠣᠭᠲᠠᠭᠤᠨ ᠲᠠᠷᠬᠠᠭᠠᠭᠰᠠᠨ 20161 ᠳ᠋ᠦᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠲᠣᠰ ᠲᠥᠷᠥᠯ ᠵᠦᠶ᠋ᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠠᠮᠢᠶ᠎ᠠ ᠪᠥᠬᠦᠶ ᠵᠦᠶ᠋ᠯᠡᠰ ᠢ ᠳᠤᠤᠷᠠᠬᠢ ᠮᠡᠲᠦ ᠨᠡᠶᠢᠲᠡᠯᠡᠪᠡ᠄᠃ ᠨᠢᠭᠡ᠂ ᠲᠥᠷᠥᠯ ᠵᠦᠶ᠋ᠯ ᠤᠨ ᠲᠦᠢᠮᠣ ᠪᠠᠶᠢᠳᠠᠯ    1 . ᠲᠥᠷᠥᠯ ᠵᠦᠶ᠋ᠯ ᠤᠨ ᠨᠡᠷᠡᠶᠢᠳᠦᠯ᠄ ᠥᠪᠥᠷ ᠮᠣᠩᠭᠤᠯ ᠤᠨ ᠶᠤᠸᠠᠨ ᠬᠤᠤ ᠢᠮᠠᠭᠠᠨ ᠨᠣᠯᠤᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠰᠢᠨ᠎ᠡ ᠪᠠᠷ ᠪᠠᠶᠢᠭᠤᠯᠤᠭᠰᠠᠨ ᠨᠤᠤᠰᠤ ᠤᠬᠢᠶᠠᠵᠤ ᠨᠣᠯᠤᠤᠷ ᠰᠡᠶᠢᠷᠡᠭᠵᠢᠭᠦᠯᠬᠦ ᠵᠢᠴᠢ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠶ᠋ᠯ    2 . ᠪᠥᠲᠥᠭᠡᠨ ᠪᠠᠶᠢᠭᠤᠯᠤᠯᠲᠠ ᠶᠢᠨ ᠭᠠᠵᠠᠷ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤ    3 . ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ ᠰᠢᠨ᠎ᠡ ᠪᠠᠷ ᠪᠠᠶᠢᠭᠤᠯᠬᠤ ᠶᠡᠷᠦᠩᠬᠡᠶᠢᠯᠡᠭᠰᠡᠨ ᠦᠢᠯᠡᠳᠪᠦᠷᠢ ᠶᠢᠨ ᠲᠠᠰᠤᠭ 6500 ᠲᠡᠭᠰᠢ ᠳᠥᠷᠪᠡᠯᠵᠢᠨ ᠮᠧᠲ ᠷ᠊᠂ ᠨᠣᠣᠰᠣ ᠤᠬᠢᠶᠠᠬᠤ ᠦᠢᠯᠡᠳᠪᠦᠷᠢ ᠶᠢᠨ ᠲᠠᠰᠤᠭ 1800 ᠲᠡᠭᠰᠢ ᠳᠥᠷᠪᠡᠯᠵᠢᠨ ᠮᠧᠲ ᠷ᠊᠂ ᠬᠠᠶᠠᠭᠳᠠᠮᠠᠯ ᠡᠳ ᠢ ᠶᠡᠷᠦᠩᠬᠡᠶᠢᠯᠡᠨ ᠠᠰᠢᠭᠯᠠᠬᠤ ᠦᠢᠯᠡᠳᠪᠦᠷᠢ ᠶᠢᠨ ᠲᠠᠰᠤᠭ 1000 ᠲᠡᠭᠰᠢ ᠳᠥᠷᠪᠡᠯᠵᠢᠨ ᠮᠧᠲ ᠷ᠊᠂ ᠰᠢᠨ᠎ᠡ ᠪᠠᠷ ᠨᠡᠮᠡᠭᠳᠡᠭᠦᠯᠬᠦ 3 ᠲᠦᠮᠡᠨ ᠲᠣᠨ / ᠵᠢᠯ ᠤᠨ ᠬᠠᠶᠠᠭᠳᠠᠮᠠᠯ ᠡᠳ ᠢ ᠰᠢᠶ᠋ᠳᠪᠦᠷᠢᠯᠡᠬᠦ ᠲᠥᠬᠦᠭᠡᠷᠦᠮᠵᠢ ᠵᠢᠴᠢ ᠦᠢᠯᠡᠳᠪᠦᠷᠢᠯᠡᠯ ᠤᠨ ᠱᠤᠭᠤᠮ᠂ ᠨᠣᠣᠰᠣ ᠤᠬᠢᠶᠠᠬᠤ ᠦᠢᠯᠡᠳᠪᠦᠷᠢᠯᠡᠯ ᠤᠨ ᠱᠤᠭᠤᠮ 2 ᠵᠤᠷᠪᠤᠰ᠂ ᠨᠣᠯᠤᠤᠷ ᠰᠡᠶᠢᠷᠡᠭᠵᠢᠭᠦᠯᠬᠦ ᠦᠢᠯᠡᠳᠪᠦᠷᠢᠯᠡᠯ ᠤᠨ ᠱᠤᠭᠤᠮ 20 ᠵᠤᠷᠪᠤᠰ᠂ 300 ᠰᠠᠤᠷᠢ ᠲᠥᠬᠦᠭᠡᠷᠦᠮᠵᠢ᠂ ᠪᠦᠲᠦᠭᠡᠨ ᠪᠠᠶᠢᠭᠤᠯᠵᠤ ᠬᠤᠳᠠᠯᠳᠤᠨ ᠠᠪᠬᠤ ᠵᠣᠬᠢᠴᠠᠩᠭᠤᠶ ᠢᠵᠢ ᠪᠦᠷᠢᠳᠦᠭᠦᠯᠬᠦ ᠳᠠᠭᠠᠯᠲᠠ ᠪᠡᠯᠡᠳᠬᠡᠮᠵᠢ ᠲᠥᠬᠦᠭᠡᠷᠦᠮᠵᠢ᠃    4 . ᠪᠥᠲᠥᠭᠡᠨ ᠪᠠᠶᠢᠭᠤᠯᠬᠤ ᠬᠤᠭᠤᠴᠠᠭ᠎ᠠ ᠬᠢᠵᠠᠭᠠᠷ᠄ 2024 ᠣᠨ ᠤ 7 ᠰᠠᠷ᠎ᠠ 2026 ᠣᠨ ᠤ 7 ᠰᠠᠷ᠎ᠠ    5 . ᠪᠡᠯᠡ ᠣᠷᠣᠭᠤᠯᠤᠯᠲᠠ ᠶᠢᠨ ᠬᠡᠪᠴᠢᠶ᠎ᠡ᠄ ᠲᠤᠰ ᠲᠥᠷᠥᠯ ᠵᠦᠶ᠋ᠯ ᠤᠨ ᠶᠡᠷᠦᠩᠬᠡᠶ ᠪᠡᠯᠡ ᠣᠷᠣᠭᠤᠯᠤᠯᠲᠠ 40000 ᠲᠦᠮᠡᠨ ᠲᠥᠭᠦᠷᠢᠭ᠂ ᠪᠦᠬᠦᠨ ᠢ ᠠᠵᠤ ᠠᠬᠤᠶᠢᠯᠠᠯ ᠳᠤ ᠥᠪᠡᠷ ᠲᠡᠭᠡᠨ ᠪᠡᠯᠡ ᠮᠥᠩᠭᠦ ᠴᠤᠭᠯᠠᠭᠤᠯᠤᠨ᠎ᠠ᠃    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠶ᠋ᠯᠡᠰ    1 . ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠦᠷᠢᠶ᠎ᠡ ᠬᠡᠪᠴᠢᠶ᠎ᠡ᠄ ᠲᠣᠰ ᠲᠥᠷᠥᠯ ᠵᠦᠶ᠋ᠯ ᠨᠢ ᠭᠠᠵᠠᠷ ᠬᠡᠷᠡᠭᠯᠡᠬᠦ ᠬᠡᠪᠴᠢᠶᠡᠨ ᠳᠠᠬᠢ ᠠᠰᠢᠭ ᠲᠤᠰᠠ ᠶᠢᠨ ᠬᠠᠮᠢᠶ᠎ᠠ ᠪᠥᠬᠦᠶ ᠬᠥᠮᠦᠰ ᠲᠤ ᠬᠤᠯᠪᠣᠭᠳᠠᠨ᠎ᠠ᠃    2 . ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠶ᠋ᠯᠡᠰ᠄ ᠲᠣᠰ ᠲᠥᠷᠥᠯ ᠵᠦᠶ᠋ᠯ ᠢ ᠬᠡᠷᠡᠭᠵᠢᠭᠦᠯᠬᠦ ᠳᠤ ᠶᠠᠮᠠᠷ ᠣᠪᠣᠷ ᠢᠶᠠᠷ ᠬᠠᠨᠳᠤᠬᠤ ᠪᠣᠶ︔ ᠲᠤᠰ ᠲᠥᠷᠥᠯ ᠵᠦᠢᠯ ᠢ ᠬᠡᠷᠡᠭᠵᠢᠭᠦᠯᠦᠭᠰᠡᠨ ᠤ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠳᠤ ᠦᠵᠡᠭᠦᠯᠬᠦ ᠨᠥᠯᠥᠭᠡ︔ ᠲᠤᠰ ᠲᠥᠷᠥᠯ ᠵᠦᠶ᠋ᠯ ᠢ ᠬᠡᠷᠡᠭᠵᠢᠭᠦᠯᠬᠦ ᠰᠠᠨᠠᠯ ᠪᠠ ᠰᠠᠨᠠᠭᠤᠯᠭ᠎ᠠ᠃    3 . ᠣᠯᠠᠨ ᠨᠡᠶᠢᠲᠡ ᠶᠢᠨ ᠲᠣᠰ ᠲᠥᠷᠥᠯ ᠵᠦᠶ᠋ᠯ ᠢ ᠬᠡᠷᠡᠭᠵᠢᠭᠦᠯᠬᠦ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠬᠤᠷᠢᠶᠠᠵᠤ᠂ ᠲᠣᠰ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠳᠤᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠬᠤ ᠬᠡᠷᠡᠭᠲᠡᠶ᠃    ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠠᠷᠢᠭᠤ ᠲᠤᠰᠬᠠᠬᠤ ᠠᠷᠭ᠎ᠠ ᠵᠠᠮ    ᠬᠠᠷᠢᠯᠴᠠᠬᠤ ᠬᠥᠮᠦᠨ᠄ ᠶᠠᠩ ᠷᠦᠢ    ᠬᠠᠷᠢᠯᠴᠠᠬᠤ ᠤᠲᠠᠰᠤ᠄ 0479 - 81110044    2024 ᠣᠨ ᠤ 8 ᠳ᠋ᠤᠭᠠᠷ ᠰᠠᠷ᠎ᠠ ᠶᠢᠨ 27᠎ ᠤ ᠡᠳᠦᠷ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号