2024 ᠣᠨ ᠳᠤ ᠰᠢᠯᠤᠭᠤᠨ ᠬᠥᠪᠡᠭᠡᠲᠦ ᠴᠠᠭᠠᠨ ᠬᠤᠰᠢᠭᠤ ᠨᠢ ᠮᠠᠯᠴᠢᠨ ᠲᠠᠷᠢᠶᠠᠴᠢᠨ ᠤ ᠬᠤᠷᠰᠢᠶ᠎ᠠ ᠪᠠ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠥᠷᠥᠯ ᠵᠦᠶ᠋ᠯ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ | ᠬᠡᠷᠡᠭᠵᠢᠭᠦᠯᠵᠦ᠂ ︽ᠢᠯᠡ ᠲᠣᠳᠣ᠂ ᠲᠥᠪ ᠭᠤᠤᠯᠴᠢ᠂ ᠡᠷᠬᠡ ᠲᠡᠭᠰᠢ︾ ᠪᠠᠶᠢᠬᠤ ᠠᠷᠭ᠎ᠠ ᠬᠡᠯᠪᠡᠷᠢ ᠪᠠᠷ᠂ ᠪᠥᠬᠦ | ᠬᠤᠰᠢᠭᠤᠨ ᠤ ᠬᠡᠪᠴᠢᠶᠡᠨ ᠳᠤ ᠨᠢᠭᠡ ᠪᠦᠯᠦᠭ ᠡᠵᠡᠩᠨᠡᠯᠲᠡ ᠶᠢᠨ ᠬᠡᠪᠴᠢᠶ᠎ᠡ ᠨᠢ ᠲᠣᠬᠢᠷᠠᠮᠵᠢᠲᠠᠶ᠂ ᠡᠳ᠋ ᠤᠨ | ᠶᠠᠪᠤᠳᠠᠯ ᠤᠨ ᠬᠠᠮᠢᠶᠠᠷᠤᠯᠲᠠ ᠨᠢ ᠵᠢᠷᠤᠮᠵᠢᠯ ᠲᠠᠢ᠂ ᠲᠦᠷᠢᠮ ᠨᠢ ᠪᠦᠷᠢᠨ ᠲᠡᠭᠦᠯᠳᠡᠷ ᠪᠥᠭᠡᠳ ᠪᠦᠲᠦᠮᠵᠢᠲᠡᠶ᠂ | ᠦᠶ᠋ᠯᠡᠳᠪᠦᠷᠢᠯᠡᠯ ᠤᠨ ᠦᠶ᠋ᠯᠡᠴᠢᠯᠡᠭᠡ ᠨᠢ ᠴᠢᠨᠠᠷ ᠰᠠᠶᠢᠲᠠᠶ᠂ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ | ᠳᠠᠶᠢᠴᠢᠯᠠᠬᠤ ᠨᠢ ᠨᠢᠭᠲᠠ᠂ ᠨᠡᠶᠢᠭᠡᠮ ᠤᠨ ᠨᠡᠷ᠎ᠡ ᠬᠦᠨᠳᠦ ᠨᠢ ᠰᠠᠶᠢᠨ ᠪᠠᠶᠢᠬᠤ ᠵᠢᠷᠤᠮᠵᠢᠭᠰᠠᠨ ᠭᠤᠤᠯ | ᠴᠣᠭᠴᠠ ᠶᠢ ᠰᠢᠯᠭᠠᠷᠠᠭᠤᠯᠤᠨ ᠰᠣᠩᠭᠤᠵᠤ᠂ ᠣᠲᠣ ᠬᠤᠯᠪᠣᠭᠳᠠᠯ ᠪᠥᠬᠦᠶ ᠨᠡᠷ᠎ᠡ ᠮᠡᠳᠡᠭᠦᠯᠬᠦ ᠵᠦᠶ᠋ᠯᠡᠰ ᠢ | ᠳᠤᠤᠷᠠᠬᠢ ᠮᠡᠲᠦ ᠵᠠᠷᠯᠠᠪᠠ᠄ | ᠨᠢᠭᠡ᠂ ᠦᠨᠳᠦᠰᠦᠨ ᠵᠠᠷᠴᠢᠮ | ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ᠂ ᠰᠤᠮᠤ ᠪᠠᠯᠭᠠᠰᠤ ᠠᠴᠠ ᠠᠩᠬ᠎ᠠ ᠰᠣᠩᠭᠤᠬᠤ᠂ | ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠡᠵᠡᠩᠨᠡᠯᠲᠡ ᠶᠢᠨ ᠭᠤᠣᠯ ᠴᠣᠭᠴᠠ ᠶᠢ ᠲᠣᠭᠲᠠᠭᠠᠨ᠎ᠠ᠃ | ᠬᠤᠶᠠᠷ᠂ ᠮᠡᠳᠡᠭᠦᠯᠬᠦ ᠠᠭᠤᠯᠭ᠎ᠠ | ︵ᠨᠢᠭᠡ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠶᠢ ᠳᠠᠮᠵᠢᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠭᠠᠵᠢ ᠶᠢ ᠠᠰᠢᠭᠯᠠ | ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠳᠠᠮᠵᠢᠨ᠎ᠠ᠃ | ᠮᠠᠯᠴᠢᠨ ᠲᠠᠷᠢᠶᠠᠴᠢᠳ ᠤᠨ ᠬᠤᠷᠰᠢᠶ᠎ᠠ ᠶᠢ ᠳᠡᠮᠵᠢᠵᠦ ᠪᠠᠶᠢᠭᠠᠳ ︽ᠲᠠᠷᠢᠶᠠᠴᠢᠳ ᠤᠨ ᠲᠤᠰᠬᠠᠶ ᠠᠵᠢᠯ ᠤᠨ | ᠬᠤᠷᠰᠢᠶᠠᠨ ᠤ ᠡᠳ᠋ ᠤᠨ ᠶᠠᠪᠤᠳᠠᠯ ᠤᠨ ᠳᠦᠷᠢᠮ︾ ︽ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠨ ᠤ | ᠨᠢᠭᠲᠠᠯᠠᠨ ᠪᠣᠳᠣᠬᠤ ᠳᠦᠷᠢᠮ︾ ᠤᠨ ᠱᠠᠭᠠᠷᠳᠠᠯᠭ᠎ᠠ ᠳᠤ ᠨᠡᠶᠢᠴᠡᠭᠰᠡᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ | ᠳᠦᠷᠢᠮ ᠪᠠᠶᠢᠭᠤᠯᠬᠤ ᠬᠡᠷᠡᠭᠲᠡᠶ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠮᠡᠳᠡᠭᠡ | ᠵᠠᠩᠭᠢᠵᠢᠯᠲᠠ ᠶᠢᠨ ᠲᠠᠩᠰᠠ ᠲᠡᠮᠳᠡᠭᠯᠡᠬᠦ ᠪᠠᠭᠠᠵᠢ ᠪᠠ ︽ᠭᠠᠷ ᠤᠨ ᠠᠶ᠎ᠠ ᠪᠠᠷ ᠲᠡᠮᠳᠡᠭᠯᠡᠬᠦ︾ ᠵᠥᠭᠡᠯᠡᠨ ᠲᠣᠨᠤᠭ ᠢ | ᠬᠡᠷᠡᠭᠯᠡᠨ ᠦᠶ᠋ᠯᠡᠳᠪᠦᠷᠢᠯᠡᠯ ᠡᠵᠡᠩᠨᠡᠯᠲᠡ ᠳᠡᠭᠡᠨ ᠲᠤᠰᠠᠭᠠᠷ ᠲᠣᠭᠠᠴᠠᠭ᠎ᠠ ᠬᠢᠬᠦ ᠶᠢ ᠪᠡᠶᠡᠯᠡᠭᠦᠯᠵᠦ᠂ ︽ᠨᠢᠭᠡ | ᠨᠣᠮᠧᠷ ᠢᠶᠠᠷ ᠨᠡᠪᠲᠡᠷᠡᠭᠦᠯᠬᠦ︾ ᠪᠠᠷ ᠺᠣᠳ᠋ ᠣᠯᠭᠤᠵᠤ ᠢᠲᠡᠭᠡᠮᠵᠢ ᠶᠢ ᠨᠢ ᠨᠡᠮᠡᠭᠳᠡᠭᠦᠯᠬᠦ ᠶᠢ ᠳᠡᠮᠵᠢᠨ᠎ᠡ᠃ | ︵ᠬᠤᠶᠠᠷ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠡᠵᠡᠩᠨᠡᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠪᠠᠷᠢᠮᠵᠢᠶᠠᠵᠢᠭᠰᠠᠨ ᠦᠶ᠋ᠯᠡᠳᠪᠦᠷᠢᠯᠡᠯ ᠢ ᠬᠡᠷᠡᠭᠵᠢᠭᠦᠯᠬᠦ ᠶᠢ | ᠳᠠᠮᠵᠢᠵᠤ᠂ ᠦᠶ᠋ᠯᠡᠳᠪᠦᠷᠢᠯᠡᠯ ᠤᠨ ᠲᠡᠮᠳᠡᠭᠯᠡᠯ ᠤᠨ ᠳᠠᠩᠰᠠ ᠡᠪᠬᠡᠮᠡᠯ ᠢ ᠵᠢᠷᠤᠮᠵᠢᠭᠤᠯᠤᠨ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠣᠨ ᠠᠮᠤᠷ ᠲᠦᠪᠰᠢᠨ ᠢ ᠮᠥᠷᠳᠡᠨ ᠤᠬᠤᠴᠢᠯᠠᠬᠤ ᠪᠠ ᠥᠪᠡᠷ ᠢ ᠪᠠᠨ ᠱᠠᠭᠠᠷᠳᠠᠬᠤ | ᠴᠢᠨᠠᠷᠲᠠᠶ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠳᠦᠷᠢᠮ ᠢ ᠪᠠᠶᠢᠭᠤᠯᠬᠤ ᠬᠡᠷᠡᠭᠲᠡᠶ᠃ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠲᠠᠸᠠᠷ ᠤᠨ | ᠲᠡᠮᠳᠡᠭ ᠢ ᠳᠠᠮᠵᠢᠵᠤ᠂ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠲᠡᠮᠳᠡᠭ ᠪᠠ ᠪᠠᠷᠢᠮᠵᠢᠶ᠎ᠠ ᠳᠤ ᠬᠦᠷᠦᠭᠰᠡᠨ | ᠬᠢᠷᠢ ᠲᠡᠩᠴᠡᠭᠰᠡᠨ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ᠨᠡᠷᠡᠲᠦ ᠲᠥᠷᠥᠯ ᠲᠡᠮᠳᠡᠭᠵᠢᠭᠰᠡᠨ | ᠡᠵᠡᠩᠨᠡᠯᠲᠡ ᠶᠢ ᠥᠷᠨᠢᠭᠦᠯᠦᠨ᠎ᠡ᠃ | ︵ᠭᠤᠷᠪᠠ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠠᠵᠤ ᠦᠶ᠋ᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠳᠡᠮᠵᠢᠨ᠎ᠡ᠃ ᠭᠤᠣᠯᠳᠠᠭᠤ ᠲᠠᠷᠢᠶᠠᠴᠢᠨ | ᠮᠠᠯᠴᠢᠳ ᠤᠨ ᠬᠤᠷᠰᠢᠶ᠎ᠠ ᠪᠣᠯᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ ᠰᠢᠭᠦᠯᠬᠦ ᠠᠵᠤ ᠠᠬᠤᠶᠢᠯᠠᠯ ᠳᠠᠭᠠᠭᠤᠯᠤᠨ ᠡᠷᠬᠢᠯᠡᠬᠦ ᠪᠠ ᠡᠭᠦᠳᠦᠨ | ᠡᠷᠬᠢᠯᠡᠬᠦ ᠶᠢ ᠳᠡᠮᠵᠢᠨ᠎ᠡ᠃ | ᠭᠤᠷᠪᠠ᠂ ᠮᠡᠳᠡᠭᠦᠯᠬᠦ ᠨᠥᠬᠦᠴᠡᠯ | ︵ᠨᠢᠭᠡ︶ ᠡᠵᠡᠩᠨᠡᠯᠲᠡ ᠶᠢᠨ ᠬᠡᠪᠴᠢᠶ᠎ᠡ ᠨᠢ ᠲᠣᠬᠢᠷᠠᠮᠵᠢᠲᠠᠶ ᠪᠠᠶᠢᠬᠤ᠃ ᠡᠵᠡᠩᠨᠡᠬᠦ ᠬᠡᠪᠴᠢᠶ᠎ᠡ ᠨᠢ ᠡᠬᠢ | ᠪᠠᠶᠠᠯᠢᠭ ᠤᠨ ᠤᠭ ᠰᠤᠷᠪᠤᠯᠵᠢ᠂ ᠮᠡᠷᠭᠡᠵᠢᠯ ᠲᠣᠨᠣᠭᠯᠠᠯ ᠤᠨ ᠦᠶ᠋ᠯᠡᠳᠪᠦᠷᠢᠯᠡᠬᠦ ᠴᠢᠳᠠᠪᠤᠷᠢ ᠵᠡᠷᠭᠡ ᠨᠥᠬᠦᠴᠡᠯ ᠲᠠᠢ | ᠬᠠᠷᠢᠯᠴᠠᠨ ᠲᠣᠬᠢᠷᠠᠯᠴᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ | ᠴᠣᠭᠴᠠ ᠶᠢᠨ ᠦᠶ᠋ᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠭᠠᠵᠠᠷ ᠰᠢᠷᠣᠶ ᠨᠢ ᠣᠨᠣᠪᠴᠢᠲᠠᠶ ᠬᠥᠳᠡᠭᠡ ᠲᠣᠰᠬᠤᠨ ᠤ | ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠭᠰᠠᠨ ᠮᠡᠳᠡᠭᠡ ᠵᠠᠩᠭᠢ᠂ ᠬᠥᠳᠡᠭᠡ | ᠲᠣᠰᠬᠤᠨ ᠤ ᠭᠠᠵᠠᠷ ᠰᠢᠷᠣᠶ ᠡᠵᠡᠩᠨᠡᠬᠦ ᠡᠷᠬᠡ ᠶᠢᠨ ᠡᠷᠭᠢᠯᠲᠡ ᠶᠢᠨ ᠭᠡᠷ᠎ᠡ ᠶᠢᠨ ᠮᠡᠳᠡᠭᠡ ᠵᠠᠩᠭᠢ᠂ ᠬᠠᠮᠢᠶ᠎ᠠ ᠪᠥᠬᠦᠶ | ᠭᠡᠷ᠎ᠡ ᠲᠣᠭᠲᠠᠬᠤ ᠵᠢᠷᠤᠮᠵᠢᠯ᠂ ᠮᠡᠳᠡᠭᠡ ᠵᠠᠩᠭᠢ ᠨᠢ ᠪᠣᠳᠠᠲᠤ ᠪᠠᠶᠢᠳᠠᠯ ︿br | ᠲᠠᠢ ᠨᠡᠶᠢᠴᠡᠨ᠎ᠡ᠃ ︵ᠬᠤᠶᠠᠷ︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠵᠢᠷᠤᠮᠵᠢᠯ᠃ ᠮᠠᠯᠴᠢᠨ | ᠲᠠᠷᠢᠶᠠᠴᠢᠳ ᠤᠨ ᠬᠤᠷᠰᠢᠶ᠎ᠠ ᠨᠢ ᠴᠢᠬᠤᠯᠠ ᠪᠥᠬᠦᠶ ᠨᠢᠭᠲᠠᠯᠠᠨ ᠪᠤᠳᠤᠭᠴᠢ ᠳᠣᠭᠢᠷᠠᠭᠤᠯᠬᠤ ᠪᠤᠶᠤ ᠲᠠᠩᠰᠠ | ᠲᠡᠮᠳᠡᠭᠯᠡᠬᠦ ᠶᠢ ᠣᠷᠣᠯᠠᠨ ᠭᠦᠶ᠋ᠴᠡᠳᠬᠡᠬᠦ ᠪᠠᠶᠢᠭᠤᠯᠤᠮᠵᠢ ᠳᠤ ᠨᠠᠶᠢᠳᠠᠵᠤ ᠲᠠᠩᠰᠠ ᠲᠡᠮᠳᠡᠭᠯᠡᠬᠦ᠂ ᠲᠣᠭᠠᠴᠠᠭ᠎ᠠ ᠬᠢᠬᠦ᠂ | ᠨᠢᠭᠲᠠᠯᠠᠨ ᠪᠤᠳᠤᠭᠴᠢ ᠶᠢᠨ ᠲᠠᠩᠰᠠ ᠬᠠᠷ᠎ᠠ ᠨᠢ ᠪᠦᠷᠢᠨ ᠭᠦᠶ᠋ᠴᠡᠳ ᠪᠠᠶᠢᠵᠤ᠂ ᠡᠳ᠋ ᠤᠨ ᠶᠠᠪᠤᠳᠠᠯ ᠤᠨ ᠮᠡᠳᠡᠭᠦᠯᠬᠦ | ᠬᠦᠰᠦᠨᠦᠭᠲᠦ ᠨᠢ ︽ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠡᠳ᠋ ᠤᠨ ᠶᠠᠪᠤᠳᠠᠯ ᠤᠨ ᠲᠦᠷᠢᠮ︾ ︽ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢᠨ ᠨᠢᠭᠲᠠᠯᠠᠨ ᠪᠤᠳᠤᠭᠴᠢ ᠶᠢᠨ ᠲᠦᠷᠢᠮ︾ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢᠨ ᠬᠠᠮᠲᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠣᠨ ᠤ ᠮᠡᠳᠡᠭᠦᠯᠦᠯᠲᠡ ᠪᠠᠨ ᠴᠠᠭ ᠲᠤᠬᠠᠶ ᠳᠤᠨᠢ | ᠮᠡᠳᠡᠭᠦᠯᠦᠨ ᠬᠦᠷᠭᠡᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠬᠡᠷᠡᠭᠲᠡᠶ᠃ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ ᠶᠢᠨ ︽ᠭᠠᠷ ᠤᠨ ᠠᠶ᠎ᠠ ᠪᠠᠷ ᠲᠡᠮᠳᠡᠭᠯᠡᠬᠦ︾ ᠡᠳ᠋ ᠤᠨ ᠶᠠᠪᠤᠳᠠᠯ ᠤᠨ ᠵᠥᠭᠡᠯᠡᠨ ᠲᠣᠨᠤᠭ ᠢ | ᠵᠢᠷᠤᠮᠵᠢᠭᠤᠯᠤᠨ ᠬᠡᠷᠡᠭᠯᠡᠵᠦ ᠲᠠᠩᠰᠠ ᠲᠡᠮᠳᠡᠭᠯᠡᠬᠦ᠂ ᠣᠷᠣᠯᠭ᠎ᠠ ᠵᠠᠷᠤᠯᠭ᠎ᠠ᠂ ᠬᠥᠮᠥᠷᠭᠡᠯᠡᠯᠲᠡ ᠵᠡᠷᠭᠡ ᠲᠡᠮᠳᠡᠭᠯᠡᠯ ᠢ | ᠪᠦᠷᠢᠨ ᠲᠡᠭᠦᠯᠳᠡᠷ ᠵᠢᠷᠤᠮᠵᠢᠯ ᠲᠠᠢ ᠪᠣᠯᠭᠠᠨ᠎ᠠ᠃ | ︵ᠭᠤᠷᠪᠠ︶ ᠲᠦᠷᠢᠮ ᠨᠢ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠪᠠᠶᠢᠬᠤ᠃ ᠳᠣᠲᠣᠭᠠᠳᠤ ᠶᠢᠨ | ᠬᠠᠮᠢᠶᠠᠷᠤᠯᠲᠠ ᠶᠢᠨ ᠳᠦᠷᠢᠮ ᠲᠣᠭᠲᠠᠭᠠᠯ ᠪᠦᠷᠢᠨ ᠲᠡᠭᠦᠯᠳᠡᠷ᠂ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ | ᠵᠢᠷᠤᠮᠵᠢᠯ ᠲᠠᠢ ᠠᠵᠢᠯᠯᠠᠨ᠎ᠠ᠃ ᠮᠠᠯᠴᠢᠨ ᠲᠠᠷᠢᠶᠠᠴᠢᠳ ᠤᠨ ᠬᠤᠷᠰᠢᠶ᠎ᠠ ᠨᠢ ︽ᠲᠠᠷᠢᠶᠠᠴᠢᠳ ᠤᠨ ᠲᠤᠰᠬᠠᠶ | ᠬᠤᠷᠰᠢᠶ᠎ᠠ ᠶᠢᠨ ᠵᠢᠱᠢᠶ᠎ᠡ ᠦᠵᠡᠭᠦᠯᠬᠦ ᠲᠦᠷᠢᠮ︾ ᠪᠤᠶᠤ ︽ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠲᠦᠷᠢᠮ︾ ᠢᠶᠠᠷ ᠯᠠᠪᠯᠠᠯᠲᠠ ᠪᠣᠯᠭᠠᠨ ᠪᠣᠳᠠᠲᠠᠶ ᠳᠤ ᠨᠡᠶᠢᠴᠡᠭᠰᠡᠨ | ᠲᠦᠷᠢᠮ ᠢ ᠲᠣᠭᠲᠠᠭᠠᠵᠤ᠂ ᠪᠦᠷᠢᠯᠳᠦᠬᠦᠨ ︵ᠲᠥᠯᠥᠭᠡᠯᠡᠭᠴᠢ︶ ᠤ ᠶᠡᠭᠡ ᠬᠤᠷᠠᠯ᠂ ᠬᠡᠷᠡᠭ ᠡᠷᠬᠢᠯᠡᠭᠴᠢᠳ ᠤᠨ | ᠬᠤᠷᠠᠯ᠂ ᠬᠢᠨᠠᠭᠴᠢᠳ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠠᠵᠢᠯᠯᠠᠭᠠᠨ ᠨᠢ | ᠪᠦᠲᠦᠮᠵᠢᠲᠡᠶ᠂ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ᠂ ᠬᠤᠷᠰᠢᠶ᠎ᠠ ᠶᠢᠨ ᠶᠠᠪᠤᠳᠠᠯ ᠢ ᠢᠯᠡ | ᠪᠣᠯᠭᠠᠬᠤ᠂ ᠬᠡᠷᠡᠭ ᠵᠥᠪᠯᠡᠵᠦ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠲᠦᠷᠢᠮ ᠢ ᠲᠣᠭᠲᠠᠭᠠᠪᠠ︔ ᠵᠢᠯ | ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠪᠦᠷᠢᠯᠳᠦᠬᠦᠨ ᠤ ᠶᠡᠭᠡ ᠬᠤᠷᠠᠯ ᠬᠤᠷᠠᠯᠳᠤᠭᠤᠯᠵᠤ᠂ ᠪᠦᠷᠢᠯᠳᠦᠬᠦᠨ ᠤ | ᠶᠡᠭᠡ ᠬᠤᠷᠠᠯ ᠤᠨ ᠰᠣᠩᠭᠤᠭᠤᠯᠢ ᠪᠠ ᠪᠠᠲᠤᠯᠠᠯᠲᠠ ᠳᠤ ᠨᠢᠭᠡ ᠬᠥᠮᠦᠨ ᠳᠤ ᠨᠢᠭᠡ ᠪᠢᠯᠧᠲ ᠥᠭᠬᠦ ᠲᠦᠷᠢᠮ ᠢ ᠬᠠᠤᠯᠢ | ᠶᠣᠰᠣᠭᠠᠷ ᠨᠠᠶᠢᠳᠠᠪᠤᠷᠢᠵᠢᠭᠤᠯᠤᠨ᠎ᠠ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ︽ᠨᠢᠭᠡ ᠨᠣᠮᠧᠷ ᠢᠶᠠᠷ | ᠨᠡᠪᠲᠡᠷᠡᠭᠦᠯᠬᠦ︾ ᠠᠷᠭ᠎ᠠ ᠪᠠᠷ ᠢᠲᠡᠭᠡᠮᠵᠢ ᠪᠠᠨ ᠨᠡᠮᠡᠭᠳᠡᠭᠦᠯᠵᠦ᠂ ᠦᠶ᠋ᠯᠡᠳᠬᠦᠨ ᠤ ᠪᠣᠭᠤᠳᠠᠯ ᠪᠠᠭᠯᠠᠭ᠎ᠠ᠂ ᠭᠤᠤᠯ | ᠦᠶ᠋ᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠲᠤ ᠺᠣᠳ᠋ ᠢᠶᠠᠨ ᠢᠯᠡ ᠦᠵᠡᠭᠦᠯᠬᠦ ᠬᠡᠷᠡᠭᠲᠡᠶ᠃ | ︵ᠳᠥᠷᠪᠡ︶ ᠦᠶ᠋ᠯᠡᠳᠪᠦᠷᠢᠯᠡᠯ ᠤᠨ ᠦᠶ᠋ᠯᠡᠴᠢᠯᠡᠭᠡ ᠨᠢ ᠴᠢᠨᠠᠷ ᠰᠠᠶᠢᠲᠠᠶ ᠪᠠᠶᠢᠬᠤ᠃ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠪᠤᠶᠤ ᠦᠢᠯᠡᠴᠢᠯᠡᠭᠡᠨ ᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠣᠳᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠦᠢᠯᠡᠳᠪᠦᠷᠢᠯᠡᠯ ᠤᠨ ᠦᠢᠯᠡᠴᠢᠯᠡᠭᠡᠨ ᠤ | ᠲᠡᠮᠳᠡᠭᠯᠡᠯ᠂ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠲᠡᠮᠳᠡᠭᠯᠡᠯ ᠵᠡᠷᠭᠡ ᠡᠵᠡᠩᠨᠡᠯᠲᠡ ᠶᠢᠨ ᠮᠡᠳᠡᠭᠡ ᠵᠠᠩᠭᠢ ᠶᠢ | ᠴᠤᠭᠯᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠪᠤᠶᠤ ᠦᠢᠯᠡᠴᠢᠯᠡᠭᠡᠨ ᠤ ᠶᠠᠰᠤ ᠴᠢᠨᠠᠷ ᠢ ᠮᠥᠷᠳᠡᠵᠦ ᠪᠣᠯᠬᠤ | ᠪᠥᠭᠡᠳ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ | ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠲᠠᠪᠤ︶ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠨᠢ ᠨᠢᠭᠲᠠ᠃ ᠮᠠᠯᠴᠢᠨ | ᠲᠠᠷᠢᠶᠠᠴᠢᠳ ᠤᠨ ᠬᠤᠷᠰᠢᠶ᠎ᠠ ᠶᠢᠨ ᠪᠣᠳᠠᠲᠠᠶ ᠪᠠᠶᠢᠭ᠎ᠠ ᠪᠦᠷᠢᠯᠳᠦᠬᠦᠨ ᠤ ᠨᠡᠷᠡᠰ ᠤᠨ ᠳᠡᠪᠲᠡᠷ ᠨᠢ ᠪᠦᠷᠢᠯᠳᠦᠬᠦᠨ ᠤ | ᠳᠠᠩᠰᠠᠨ ᠡᠷᠦᠬᠡ ᠶᠢᠨ ᠪᠦᠷᠢᠯᠳᠦᠬᠦᠨ ᠤ ᠬᠡᠪᠴᠢᠶ᠎ᠡ ᠯᠦᠭᠡ ᠨᠢᠭᠡᠳᠦᠯᠲᠡᠶ ᠪᠠᠶᠢᠵᠤ᠂ ᠪᠣᠳᠠᠲᠠᠶ ᠪᠠᠶᠢᠭ᠎ᠠ | ᠪᠦᠷᠢᠯᠳᠦᠬᠦᠨ ᠤ ᠲᠤᠭ᠎ᠠ ᠨᠢ ᠲᠤᠰ ᠰᠢᠶᠠᠨ ᠤ ᠬᠡᠪᠴᠢᠶᠡᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠬᠤ | ᠬᠡᠷᠡᠭᠲᠡᠶ︔ ᠪᠦᠷᠢᠯᠳᠦᠬᠦᠨ ᠤ ᠳᠠᠩᠰᠠᠨ ᠡᠷᠦᠬᠡ ᠨᠢ ᠪᠦᠷᠢᠯᠳᠦᠬᠦᠨ ᠨᠢᠭᠡᠪᠦᠷᠢ ᠶᠢᠨ ᠪᠡᠯᠡ ᠭᠠᠷᠭᠠᠭᠰᠠᠨ ᠲᠤᠭ᠎ᠠ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠮᠵᠢᠶᠡᠵᠢᠭᠦᠯᠦᠭᠰᠡᠨ ᠬᠤᠪᠢ ᠶᠢᠨ ᠲᠤᠭ᠎ᠠ᠂ ᠲᠤᠰ | ᠬᠤᠷᠰᠢᠶ᠎ᠠ ᠯᠤᠭ᠎ᠠ ᠠᠷᠠᠯᠵᠢᠶᠠᠯᠠᠭᠰᠠᠨ ᠬᠡᠮᠵᠢᠶ᠎ᠡ ︵ᠲᠤᠭ᠎ᠠ︶ ᠪᠣᠯᠤᠨ ᠪᠤᠴᠠᠭᠠᠭᠰᠠᠨ ᠦᠯᠡᠳᠡᠪᠦᠷᠢ ᠵᠡᠷᠭᠡ ᠶᠢ | ᠣᠨᠣᠪᠴᠢᠲᠠᠶ ᠲᠡᠮᠳᠡᠭᠯᠡᠵᠦ᠂ ᠬᠤᠪᠢᠶᠠᠷᠢᠯᠠᠵᠤ ᠪᠣᠯᠬᠤ ᠦᠯᠡᠳᠡᠪᠦᠷᠢ ᠶᠢ ᠪᠦᠷᠢᠯᠳᠦᠬᠦᠨ ᠬᠢᠭᠡᠳ ᠲᠤᠰ | ᠬᠤᠷᠰᠢᠶ᠎ᠠ ᠯᠤᠭ᠎ᠠ ᠶᠢᠨ ᠠᠷᠠᠯᠵᠢᠶᠠᠯᠠᠭᠰᠠᠨ ᠬᠡᠮᠵᠢᠶ᠎ᠡ ︵ᠲᠤᠭ᠎ᠠ︶ ᠶᠢᠨ ᠬᠠᠷᠢᠴᠠᠯ ᠶᠣᠰᠣᠭᠠᠷ ᠪᠤᠴᠠᠭᠠᠭᠰᠠᠨ | ᠬᠠᠷᠢᠴᠠᠯ ᠢ 60 % ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ ᠮᠠᠯᠴᠢᠨ ᠲᠠᠷᠢᠶᠠᠴᠢᠳ ᠤᠨ ᠬᠤᠷᠰᠢᠶ᠎ᠠ ᠪᠠ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠨᠢ ᠵᠠᠬᠢᠶᠠᠯᠠᠭ᠎ᠠ ᠪᠠᠷ ᠳᠠᠶᠢᠴᠢᠯᠠᠬᠤ᠂ ᠠᠵᠢᠯ ᠣᠯᠭᠤᠬᠤ᠂ ᠣᠷᠣᠯᠠᠨ | ᠲᠠᠷᠢᠵᠤ ᠣᠷᠣᠯᠠᠨ ᠲᠠᠷᠢᠬᠤ᠄ ᠮᠡᠷᠭᠡᠵᠢᠯ ᠢᠶᠠᠷ ᠬᠠᠪᠰᠤᠷᠤᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠂ ᠳᠤᠮᠳᠠ ᠵᠢᠵᠢᠭ ᠲᠠᠷᠢᠶᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠰᠢᠨᠵᠢᠭᠰᠡᠨ | ᠡᠷᠦᠬᠡ ᠶᠢ ᠪᠠᠭᠲᠠᠭᠠᠨ᠎ᠠ︶ ᠯᠤᠭ᠎ᠠ ᠲᠣᠭᠲᠠᠭᠤᠨ ᠠᠰᠢᠭ ᠲᠤᠰᠠ ᠶᠢᠨ ᠬᠤᠯᠪᠣᠭᠠᠯᠠᠯ ᠪᠠ ᠬᠠᠪᠰᠤᠷᠤᠨ ᠲᠡᠳᠬᠦᠬᠦ | ᠬᠠᠷᠢᠴᠠᠭ᠎ᠠ ᠶᠢ ᠪᠠᠶᠢᠭᠤᠯᠤᠨ᠎ᠠ᠃ | ︵ᠵᠢᠷᠭᠤᠭ᠎ᠠ︶ ᠨᠡᠶᠢᠭᠡᠮ ᠤᠨ ᠨᠡᠷ᠎ᠡ ᠬᠦᠨᠳᠦ ᠰᠠᠶᠢᠨ ᠪᠠᠶᠢᠬᠤ᠃ ᠬᠠᠤᠯᠢ ᠰᠠᠬᠢᠯᠭ᠎ᠠ ᠶᠢ ᠵᠢᠷᠤᠮᠯᠠᠵᠤ᠂ ᠦᠨᠡᠨᠴᠢ | ᠢᠲᠡᠭᠡᠮᠵᠢᠲᠡᠶ ᠪᠠᠢᠬᠤ᠃ ᠦᠢᠯᠡᠳᠪᠦᠷᠢᠯᠡᠯ ︵ᠶᠠᠰᠤ ᠴᠢᠨᠠᠷ︶ ᠤᠨ ᠠᠶᠤᠯ ᠦᠭᠡᠶ ᠶᠢᠨ ᠠᠳᠡᠯ᠂ ᠠᠮᠢ ᠠᠬᠤᠶ ᠶᠢ | ᠡᠪᠳᠡᠭᠰᠡᠨ᠂ ᠣᠷᠴᠢᠨ ᠲᠣᠭᠤᠷᠢᠨ ᠢ ᠪᠣᠬᠢᠷᠲᠤᠭᠤᠯᠤᠭᠰᠠᠨ᠂ ᠪᠦᠷᠢᠯᠳᠦᠬᠦᠨ ᠤ ᠠᠰᠢᠭ ᠲᠤᠰᠠ ᠶᠢ | ᠬᠤᠬᠢᠷᠠᠭᠤᠯᠤᠭᠰᠠᠨ ᠵᠡᠷᠭᠡ ᠬᠦᠨᠳᠦ ᠨᠣᠴᠢᠲᠠᠶ ᠬᠡᠷᠡᠭ ᠭᠠᠷᠴᠤ ᠥᠩᠭᠡᠷᠡᠭᠰᠡᠨ ᠦᠭᠡᠶ᠂ ᠠᠵᠢᠯ ᠲᠥᠷᠥᠯ ᠤᠨ | ᠨᠡᠪᠲᠡᠷᠡᠭᠦᠯᠦᠨ ᠰᠢᠭᠦᠮᠵᠢᠯᠡᠬᠦ ᠶᠢ ᠬᠦᠷᠲᠡᠭᠰᠡᠨ ᠦᠭᠡᠶ ᠵᠡᠷᠭᠡ ᠠᠴᠠ ᠪᠣᠯᠵᠤ ᠨᠡᠶᠢᠭᠡᠮ ᠳᠤ ᠮᠠᠭᠤ ᠨᠥᠯᠥᠭᠡ ᠪᠣᠯᠤᠭᠰᠠᠨ | ᠦᠭᠡᠶ᠂ ᠢᠲᠡᠭᠡᠮᠵᠢ ᠪᠠᠷ ᠮᠠᠭᠤ ᠲᠡᠮᠳᠡᠭᠯᠡᠯ ᠦᠭᠡᠶ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ᠂ | ᠢᠲᠡᠭᠡᠯ ᠢᠶᠠᠨ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠦᠭᠡᠶ᠂ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠬᠤᠯᠪᠣᠭᠳᠠᠭᠰᠠᠨ ᠦᠭᠡᠶ᠃ | ︵ᠳᠣᠯᠤᠭ᠎ᠠ︶ ᠥᠩᠭᠡᠷᠡᠭᠰᠡᠨ ᠵᠢᠯ ᠤᠳ ᠲᠤ ᠨᠢᠭᠡᠨᠲᠡ ᠬᠠᠮᠢᠶ᠎ᠠ ᠪᠥᠬᠦᠶ ᠲᠡᠳᠬᠦᠮᠵᠢ ᠪᠤᠶᠤ ᠱᠠᠩᠨᠠᠯ | ᠨᠥᠬᠦᠪᠥᠷᠢ ᠶᠢᠨ ᠪᠠᠯᠠ ᠮᠥᠩᠭᠦ ᠣᠯᠤᠭᠰᠠᠨ ᠡᠵᠡᠩᠨᠡᠯᠲᠡ ᠶᠢᠨ ᠭᠤᠤᠯ ᠴᠣᠭᠴᠠ ᠨᠢ ᠲᠣᠰ ᠤᠳᠠᠭᠠᠨ ᠤ | ᠰᠢᠯᠭᠠᠷᠠᠭᠤᠯᠤᠯᠲᠠ ᠳᠤ ᠣᠷᠣᠯᠴᠠᠬᠤ ᠥᠬᠡᠶ᠃ | ᠳᠥᠷᠪᠡ᠂ ᠨᠥᠬᠦᠪᠥᠷᠢ ᠥᠭᠬᠦ ᠪᠠᠷᠢᠮᠵᠢᠶ᠎ᠠ | ᠲᠠᠩ ᠭᠠᠭᠴᠠ ᠭᠤᠤᠯ ᠴᠣᠭᠴᠠ ᠶᠢᠨ ᠱᠠᠩᠨᠠᠵᠤ ᠨᠥᠬᠦᠪᠥᠷᠢᠯᠡᠬᠦ ᠶᠢ 10 ᠲᠦᠮᠡᠨ ᠲᠥᠭᠦᠷᠢᠭ ᠠᠴᠠ | ᠬᠡᠲᠦᠷᠡᠭᠦᠯᠬᠦ ᠥᠬᠡᠶ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 3 ᠲᠦᠮᠡᠨ ᠲᠥᠭᠦᠷᠢᠭ ᠠᠴᠠ | ᠬᠡᠲᠦᠷᠡᠭᠦᠯᠬᠦ ᠥᠬᠡᠶ᠃ | ᠲᠠᠪᠤ᠂ ᠮᠡᠳᠡᠭᠦᠯᠬᠦ ᠮᠠᠲ᠋ᠧᠷᠢᠶᠠᠯ | ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠥᠭᠡᠳ ᠬᠠᠷᠠᠯᠲᠠ ᠶᠢᠨ ᠱᠠᠭᠠᠷᠳᠠᠯᠭ᠎ᠠ ᠳᠤ | ᠬᠦᠷᠦᠭᠰᠡᠨ ᠮᠠᠯᠴᠢᠨ ᠲᠠᠷᠢᠶᠠᠴᠢᠳ ᠤᠨ ᠬᠤᠷᠰᠢᠶ᠎ᠠ ᠲᠠᠢ ᠪᠠᠶᠢᠪᠠᠯ᠂ ᠬᠡᠷ ᠪᠦᠯᠢ ᠶᠢᠨ ᠮᠠᠯᠵᠢᠯ ᠤᠨ ᠲᠠᠯᠠᠪᠠᠶ ᠨᠢ | ᠲᠣᠭᠲᠠᠭᠰᠠᠨ ᠴᠠᠭ ᠬᠤᠭᠤᠴᠠᠭᠠᠨ ᠳᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠳᠤ ᠳᠤᠤᠷᠠᠬᠢ ᠮᠡᠲᠦ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠨ᠎ᠠ᠄ | 1 . ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠄ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠮᠠᠭᠠᠳᠯᠠᠨ | ᠲᠣᠭᠲᠠᠭᠠᠭᠰᠠᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠵᠡᠷᠭᠡ | ᠬᠢᠷᠢ ᠬᠡᠮ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠦᠨᠳᠦᠰᠦᠨ ᠪᠠᠶᠢᠳᠠᠯ᠂ ︽ᠭᠠᠷ ᠤᠨ ᠠᠶ᠎ᠠ ᠪᠠᠷ ᠲᠡᠮᠳᠡᠭᠯᠡᠬᠦ | ︾ ᠲᠠᠩᠰᠠ ᠬᠠᠷ᠎ᠠ᠂ ᠭᠠᠵᠠᠷ ᠰᠢᠷᠣᠶ ᠶᠢᠨ ᠡᠷᠬᠡ ᠶᠢᠨ ᠦᠨᠡᠮᠯᠡᠯ᠂ ᠵᠢᠷᠤᠮᠵᠢᠭᠰᠠᠨ ᠬᠥᠳᠡᠭᠡ ᠲᠣᠰᠬᠤᠨ ᠤ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠭᠡᠷ᠎ᠡ᠂ ᠭᠠᠴᠠᠭ᠎ᠠ ︵ᠲᠣᠰᠬᠤᠨ︶ ᠶᠢᠨ ᠰᠠᠨᠠᠯ᠂ ᠰᠤᠮᠤ | ᠪᠠᠯᠭᠠᠰᠤᠨ ᠤ ᠠᠩᠬᠠᠨ ᠤ ᠰᠣᠩᠭᠤᠭᠤᠯᠢ ᠶᠢᠨ ᠰᠠᠨᠠᠯ᠂ ᠥᠨᠳᠥᠷ ᠲᠣᠳᠣ ᠬᠡᠷᠡᠯ ᠵᠢᠷᠤᠭ ︵ᠡᠵᠡᠩᠨᠡᠯᠲᠡ ᠶᠢᠨ ᠲᠠᠯᠠᠪᠤᠷ | ᠂ ᠰᠠᠭᠤᠷᠢ ᠪᠡᠯᠡᠳᠬᠡᠮᠵᠢ᠂ ᠮᠠᠯ ᠤᠨᠤᠭ᠎ᠠ ᠪᠤᠶᠤ ᠲᠠᠷᠢᠮᠠᠯ ᠵᠡᠷᠭᠡ︶︔ | 2 . ᠮᠠᠯᠴᠢᠨ ᠲᠠᠷᠢᠶᠠᠴᠢᠳ ᠤᠨ ᠬᠤᠷᠰᠢᠶ᠎ᠠ᠄ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠬᠡᠲᠡᠨ ᠤ | ᠪᠡᠶ᠎ᠡ ᠶᠢᠨ ᠦᠨᠡᠮᠯᠡᠯ ᠵᠡᠷᠭᠡ ᠬᠢᠷᠢ ᠬᠡᠮ᠂ ᠬᠤᠷᠰᠢᠶ᠎ᠠ ᠶᠢᠨ ᠦᠨᠳᠦᠰᠦᠨ ᠪᠠᠶᠢᠳᠠᠯ᠂ ᠵᠢᠷᠤᠮᠵᠢᠭᠰᠠᠨ ᠬᠥᠳᠡᠭᠡ | ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠭᠡᠷ᠎ᠡ᠂ ᠭᠠᠴᠠᠭ᠎ᠠ ︵ᠲᠣᠰᠬᠤᠨ︶ | ᠶᠢᠨ ᠰᠠᠨᠠᠯ᠂ ᠰᠤᠮᠤ ᠪᠠᠯᠭᠠᠰᠤᠨ ᠤ ᠠᠩᠬᠠᠨ ᠤ ᠰᠣᠩᠭᠤᠯᠲᠠ ᠶᠢᠨ ᠰᠠᠨᠠᠯ᠂ ᠥᠨᠳᠥᠷ ᠲᠣᠳᠣ ᠬᠡᠷᠡᠯ ᠵᠢᠷᠤᠭ ︵ | ᠡᠵᠡᠩᠨᠡᠯᠲᠡ ᠶᠢᠨ ᠲᠠᠯᠠᠪᠤᠷ ᠭᠠᠵᠠᠷ᠂ ᠰᠠᠭᠤᠷᠢ ᠪᠡᠯᠡᠳᠬᠡᠮᠵᠢ᠂ ᠮᠠᠯ ᠤᠨᠤᠭ᠎ᠠ ᠪᠤᠶᠤ ᠲᠠᠷᠢᠮᠠᠯ ᠵᠡᠷᠭᠡ︶᠃ | ᠵᠢᠷᠭᠤᠭ᠎ᠠ᠂ ᠬᠢᠷᠢ ᠬᠡᠮ ᠢ ᠬᠢᠨᠠᠨ ᠪᠠᠶᠢᠴᠠᠭᠠᠬᠤ᠃ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ | ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠤᠮᠤ ᠪᠠᠯᠭᠠᠰᠤᠨ ᠤ ᠬᠠᠮᠢᠶ᠎ᠠ ᠪᠥᠬᠦᠶ | ᠠᠵᠢᠯᠲᠠᠳ ᠲᠠᠢ ᠬᠠᠮᠲᠤᠷᠠᠨ ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠭ᠎ᠠ ᠭᠠᠵᠠᠷ ᠤᠨ ᠲᠤᠬᠠᠶ ᠶᠢᠨ ᠲᠠᠯᠠᠪᠠᠶ ᠳᠤ | ᠬᠦᠷᠴᠦ ᠬᠢᠷᠢ ᠬᠡᠮ ᠢ ᠨᠢ ᠬᠢᠨᠠᠨ ᠪᠠᠶᠢᠴᠠᠭᠠᠬᠤ ᠪᠠ ᠡᠵᠡᠩᠨᠡᠯᠲᠡ ᠶᠢᠨ ᠴᠢᠳᠠᠪᠤᠷᠢ ᠶᠢ ᠨᠢ ᠬᠠᠷᠭᠤᠭᠤᠯᠤᠨ ᠪᠠᠶᠢᠴᠠᠭᠠᠵᠤ | ᠂ ᠨᠥᠬᠦᠴᠡᠯ ᠪᠦᠷᠢᠯᠳᠦᠭᠦᠯᠦᠭᠰᠡᠨ ᠥᠬᠡᠶ ᠪᠠᠶᠢᠭᠤᠯᠤᠮᠵᠢ ᠶᠢᠨ ᠣᠷᠣᠯᠴᠠᠬᠤ ᠬᠢᠷᠢ ᠬᠡᠮ ᠢ ᠨᠢ ᠴᠥᠮ ᠬᠦᠴᠦᠨ ᠥᠬᠡᠶ | ᠪᠣᠯᠭᠠᠨ᠎ᠠ᠃ | ᠳᠣᠯᠤᠭ᠎ᠠ᠂ ᠦᠷ᠎ᠡ ᠳ᠋ᠦᠩ ᠢ ᠵᠠᠷᠯᠠᠨ ᠨᠡᠶᠢᠲᠡᠯᠡᠬᠦ᠃ ᠦᠨᠡᠯᠡᠨ ᠲᠣᠭᠲᠠᠭᠠᠭᠰᠠᠨ ᠡᠵᠡᠩᠨᠡᠯᠲᠡ ᠶᠢᠨ ᠪᠡᠶᠡᠴᠢ | ᠴᠣᠭᠴᠠ ᠶᠢᠨ ᠨᠡᠷᠡᠰ ᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠨᠤᠲᠠᠯᠠᠭᠰᠠᠨ ᠤ ᠳᠠᠷᠠᠭ᠎ᠠ᠂ | ᠬᠤᠰᠢᠭᠤᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠂ ᠤᠨᠳᠤᠤ ᠰᠠᠨᠠᠯ | ᠥᠬᠡᠶ ᠪᠣᠯ ᠦᠨᠡᠯᠡᠨ ᠲᠣᠭᠲᠠᠭᠠᠭᠰᠠᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠶᠢᠵᠢᠭᠤᠯᠬᠤ ᠪᠡᠶᠡᠴᠢ | ᠴᠣᠭᠴᠠ ᠪᠠᠷ ᠲᠣᠭᠲᠠᠭᠠᠨ᠎ᠠ᠃ | ᠨᠠᠢᠮᠠ᠂ ᠨᠡᠷ᠎ᠡ ᠮᠡᠳᠡᠭᠦᠯᠬᠦ ᠴᠠᠭ᠂ ᠨᠡᠷ᠎ᠡ ᠮᠡᠳᠡᠭᠦᠯᠬᠦ ᠭᠠᠵᠠᠷ ᠵᠢᠴᠢ ᠬᠠᠷᠢᠯᠴᠠᠬᠤ ᠤᠲᠠᠰᠤ᠃ 1 . ᠨᠡᠷ᠎ᠡ | ᠮᠡᠳᠡᠭᠦᠯᠬᠦ ᠴᠠᠭ᠄ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 9 ᠰᠠᠷ᠎ᠠ ᠶᠢᠨ 12 ᠤᠨ ᠡᠳᠦᠷ ᠤᠨ | ᠦᠳᠡ ᠶᠢᠨ ᠬᠤᠶᠢᠨᠠᠬᠢ 5᠄ 30 ᠪᠣᠯᠲᠠᠯ᠎ᠠ᠃ 2 . ᠨᠡᠷ᠎ᠡ ᠮᠡᠳᠡᠭᠦᠯᠬᠦ ᠭᠠᠵᠠᠷ᠄ ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠭᠤᠷᠪᠠᠳᠤᠭᠠᠷ ᠳᠠᠪᠬᠤᠷᠯᠢᠭ ︵ᠬᠤᠷᠰᠢᠭᠰᠠᠨ ᠠᠵᠤ ᠠᠬᠤᠶ ᠶᠢᠨ ᠲᠠᠰᠤᠭ︶ ︵br /︶᠃ 3 . ᠬᠠᠷᠢᠯᠴᠠᠬᠤ | ᠬᠥᠮᠦᠨ᠄ ᠸᠠᠩ ᠬᠠᠨ ᠶᠠᠨ︔ ᠬᠠᠷᠢᠯᠴᠠᠬᠤ ᠤᠲᠠᠰᠤ᠄ 15247949540 | ᠨᠥᠬᠦᠴᠡᠯ ᠳᠤ ᠨᠡᠶᠢᠴᠡᠭᠰᠡᠨ ᠡᠵᠡᠩᠨᠡᠯᠲᠡ ᠶᠢᠨ ᠪᠡᠶᠡᠴᠢ ᠴᠣᠭᠴᠠ ᠮᠠᠨ ᠤ ᠲᠣᠪᠴᠢᠶᠠᠨ ᠳᠤ ᠲᠦᠷᠭᠡᠨ ᠢᠷᠡᠵᠦ | ᠮᠡᠳᠡᠭᠦᠯᠬᠦ ᠶᠢ ᠪᠠᠶᠠᠷᠯᠠᠨ ᠤᠭᠲᠤᠵᠤ ᠪᠠᠢᠨ᠎ᠠ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠶ᠋ᠳᠪᠦᠷᠢᠯᠡᠬᠦ ᠦᠭᠡᠢ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠃ | 2024 ᠣᠨ ᠤ 8 ᠳ᠋ᠤᠭᠠᠷ ᠰᠠᠷ᠎ᠠ ᠶᠢᠨ 29 ᠤ ᠡᠳᠦᠷ᠃ |