ᠨᠢᠭᠡ᠂ ᠲᠥᠷᠥᠯ ᠵᠦᠶ᠋ᠯ ᠤᠨ ᠲᠦᠢᠮᠣ ᠪᠠᠶᠢᠳᠠᠯ | ᠲᠥᠷᠥᠯ ᠵᠦᠶ᠋ᠯ ᠤᠨ ᠨᠡᠷᠡᠶᠢᠳᠦᠯ᠄ G 5511 ᠡᠷᠢᠶᠡᠨ ᠠᠴᠠ ᠭᠤᠸᠠᠩᠵᠧᠦ ᠬᠥᠷᠬᠦ ᠳᠡᠭᠡᠳᠦ ᠬᠤᠷᠳᠤ ᠶᠢᠨ | ᠵᠠᠰᠠᠮᠠᠯ ᠵᠠᠮ ᠤᠨ ᠵᠢᠨᠢᠩ ᠠᠴᠠ ᠠᠹᠭᠠᠨᠢᠰᠲ᠋ᠠᠨ ᠬᠥᠷᠬᠦ ᠱᠤᠭᠤᠮ ᠠᠨ ᠶᠧ ᠠᠴᠠ ᠭᠦᠩᠵᠦ ᠶᠢᠨ ᠳᠠᠯᠠᠩ ᠤᠨ | ᠬᠡᠰᠡᠭ ᠤᠨ ᠵᠠᠰᠠᠮᠠᠯ ᠵᠠᠮ ᠤᠨ ᠮᠢᠩᠭᠠᠨᠲᠤ ᠬᠥᠷᠬᠦ ᠬᠤᠯᠪᠣᠬᠤ ᠱᠤᠭᠤᠮ | ᠪᠠᠶᠢᠭᠤᠯᠬᠤ ᠭᠠᠵᠠᠷ᠄ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠮᠢᠩᠭᠠᠨᠲᠤ ᠪᠠᠯᠭᠠᠰᠤ ︵br /︶᠃ ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠵᠠᠮ | ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠶ᠋ᠯ ᠤᠨ ᠬᠠᠮᠢᠶᠠᠷᠤᠯᠲᠠ ᠶᠢᠨ ᠬᠤᠪᠢᠶᠠᠷᠢ | ᠺᠣᠮᠫᠠᠨᠢ | ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠄ ᠮᠢᠩᠭᠠᠨᠲᠤ ᠶᠢᠨ ᠬᠤᠯᠪᠣᠬᠤ ᠱᠤᠭᠤᠮ ᠤᠨ | ᠭᠠᠳᠠᠷᠭᠤ ᠶᠢ 11 . 387 ᠺᠢᠯᠣᠮᠧᠲᠷ ᠬᠠᠮᠠᠭᠠᠯᠠᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ | ᠬᠡᠷᠡᠭᠯᠡᠪᠡ︔ ᠪᠠᠷᠠᠭᠤᠨ ᠭᠠᠳᠠᠷ ᠴᠠᠭᠠᠷᠢᠭ ᠢ 1 . 323 ᠺᠢᠯᠣᠮᠧᠳ᠋ᠷ ᠰᠢᠨ᠎ᠡ ᠪᠠᠷ ᠪᠠᠶᠢᠭᠤᠯᠵᠤ᠂ 3 ᠲᠡᠰ ᠤᠨ | ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠨ᠎ᠡ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠭᠤᠯᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ | ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ | ᠥᠪᠥᠷ ᠨᠠᠮ ᠠᠯᠪᠠᠨ ᠲᠠᠷᠬᠠᠭᠠᠭᠰᠠᠨ 20217 ᠳ᠋ᠤᠭᠠᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠭᠡᠷ᠂ ᠰᠢᠯᠢ ᠶᠢᠨ ᠭᠤᠤᠯ ᠠᠶᠢᠮᠠᠭ ᠤᠨ | ᠵᠠᠬᠢᠷᠭ᠎ᠠ ᠶᠢᠨ ᠠᠯᠪᠠᠨ ᠬᠡᠷ ︽ᠰᠢᠯᠢ ᠶᠢᠨ ᠭᠤᠤᠯ ᠠᠶᠢᠮᠠᠭ ᠤᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠨᠠᠷᠢᠨ ᠲᠦᠷᠢᠮ︾ ᠤᠨ | ᠮᠡᠳᠡᠭᠳᠡᠯ ︵ᠠᠯᠪᠠᠨ ᠥᠰᠥᠭ [ 202181 ᠳ᠋ᠦᠭᠡᠷ ᠲᠣᠭᠠᠲᠤ︶ ᠤᠨ ᠱᠠᠭᠠᠷᠳᠠᠯᠭ᠎ᠠ ᠵᠡᠷᠭᠡ ᠬᠠᠮᠢᠶ᠎ᠠ ᠪᠥᠬᠦᠶ | ᠲᠣᠭᠲᠠᠭᠠᠯ ᠢ ᠳᠠᠷᠤᠮᠠᠯᠯᠠᠨ ᠲᠠᠷᠬᠠᠭᠠᠪᠠ᠂ ᠤᠳᠤ ᠲᠣᠰ ᠲᠥᠰᠦᠯ ᠢ ᠵᠠᠷᠯᠠᠨ ᠨᠡᠢᠲᠡᠯᠡᠶᠡ᠂ ᠭᠤᠤᠯᠳᠠᠭᠤ ᠳᠤᠤᠷᠠᠬᠢ | ᠬᠡᠳᠦᠨ ᠲᠠᠯ᠎ᠠ ᠪᠠᠷ ᠣᠯᠠᠨ ᠨᠡᠶᠢᠲᠡ ᠶᠢᠨ ᠲᠣᠰ ᠲᠥᠷᠥᠯ ᠵᠦᠶ᠋ᠯ ᠤᠨ ᠲᠤᠬᠠᠶ ᠰᠠᠨᠠᠯ ᠢ ᠰᠣᠨᠣᠰᠤᠨ᠎ᠠ᠂ ᠬᠡᠷᠪᠡ | ᠪᠤᠰᠤᠳ ᠲᠠᠯ᠎ᠠ ᠶᠢᠨ ᠰᠠᠨᠠᠯ ᠪᠤᠶᠤ ᠰᠠᠨᠠᠭᠤᠯᠭ᠎ᠠ ᠪᠠᠶ᠋ᠪᠠᠯ ᠪᠠᠰᠠ ᠳᠤᠷᠠᠳᠴᠤ ᠪᠣᠯᠤᠨ᠎ᠠ᠃ | 1 . ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ︔ | 2 . ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠭ᠎ᠠ ᠭᠠᠵᠠᠷ ᠤᠨ | ᠦᠢᠯᠡᠳᠪᠦᠷᠢᠯᠡᠯ ᠠᠮᠢᠳᠤᠷᠠᠯ᠂ ᠱᠠᠰᠢᠨ ᠰᠢᠲᠦᠯᠭᠡ᠂ ᠨᠡᠶᠢᠭᠡᠮ ᠤᠨ ᠵᠠᠩ ᠳᠠᠳᠬᠠᠯ ᠵᠡᠷᠭᠡ ᠪᠣᠳᠠᠰ ᠤᠨ ᠴᠢᠨᠠᠷᠲᠠᠶ | ᠬᠦᠴᠦᠨ ᠵᠦᠢᠯ ᠳᠤ ᠦᠵᠡᠭᠦᠯᠬᠦ ᠨᠥᠯᠥᠭᠡ︔ | 3 . ᠲᠥᠷᠥᠯ ᠵᠦᠶ᠋ᠯ ᠤᠨ ᠬᠡᠷᠡᠭᠵᠢᠭᠦᠯᠦᠯᠲᠡ ᠨᠢ ᠲᠤᠬᠠᠶ ᠶᠢᠨ ᠭᠠᠵᠠᠷ ᠤᠨ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠳᠤ ᠦᠵᠡᠭᠦᠯᠬᠦ ᠨᠥᠯᠥᠭᠡ︔ | 4 . ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠤᠨ ᠲᠤᠬᠠᠶ ᠦᠵᠡᠯᠲᠡ︔ | 5 . ᠵᠠᠭᠤᠴᠢᠯᠠᠭᠤᠷ ᠤᠨ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠪᠴᠤ ᠪᠠᠶᠢᠭ᠎ᠠ ᠣᠪᠣᠷ︔ | | 6 . ᠠᠳᠠᠯᠢ ᠲᠥᠷᠥᠯ ᠤᠨ ᠢᠨᠵᠧᠨᠧᠷᠢᠩ ᠤᠨ ᠵᠦᠢᠯᠡᠰ ᠠᠴᠠ ᠪᠣᠯᠵᠤ ᠡᠭᠦᠰᠦᠭᠰᠡᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠠᠶᠤᠯ ᠲᠦᠭᠰᠢᠭᠦᠷᠢ︔ | 7 . ᠪᠤᠰᠤᠳ ᠰᠠᠨᠠᠯ ᠪᠠ ᠰᠠᠨᠠᠭᠤᠯᠭ᠎ᠠ᠃ | ᠭᠤᠷᠪᠠ᠂ ᠲᠥᠷᠥᠯ ᠵᠦᠶ᠋ᠯ ᠤᠨ ᠰᠡᠷᠭᠡᠶᠢᠯᠡᠬᠦ ᠠᠷᠭ᠎ᠠ ᠬᠡᠮᠵᠢᠶ᠎ᠡ | 1 . ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠷᠭᠢᠨ | ᠲᠣᠭᠤᠷᠢᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠶ︔ | 2 . ᠪᠠᠷᠢᠯᠭ᠎ᠠ ᠡᠬᠢᠯᠡᠬᠦ ᠠᠴᠠ ᠡᠮᠦᠨ᠎ᠡ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠥᠰᠦᠯ ᠢᠶᠠᠨ | ᠰᠠᠶᠢᠲᠤᠷ ᠬᠢᠵᠦ᠂ ᠡᠷᠭᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠭᠡᠶ᠂ | ᠪᠣᠯᠪᠠᠰᠤᠨ ᠢᠶᠠᠷ ᠪᠠᠷᠢᠯᠭ᠎ᠠ ᠪᠠᠷᠢᠬᠤ ᠬᠡᠷᠡᠭᠲᠡᠶ︔ | 3 . ᠪᠠᠷᠢᠯᠭ᠎ᠠ ᠪᠠᠷᠢᠬᠤ ᠶᠠᠪᠤᠴᠠ ᠳᠤ ᠱᠤᠤᠬᠢᠶᠠᠨ ᠵᠡᠷᠭᠡ ᠬᠠᠷᠰᠢᠯᠠᠯ ᠢ ᠪᠠᠭᠠᠰᠬᠠᠬᠤ ᠶᠢ ᠠᠩᠬᠠᠷᠴᠤ᠂ | ᠲᠤᠬᠠᠶ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠶ᠋ᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠥᠬᠡᠶ︔ | 4 . ᠪᠠᠷᠢᠯᠭ᠎ᠠ ᠪᠠᠷᠢᠬᠤ ᠬᠤᠭᠤᠴᠠᠭᠠᠨ ᠳᠤ᠂ ᠪᠠᠷᠢᠯᠭ᠎ᠠ ᠪᠠᠷᠢᠬᠤ ᠨᠢᠭᠡᠴᠡ ᠲᠤᠬᠠᠶ ᠶᠢᠨ ᠭᠠᠵᠠᠷ ᠤᠨ | ᠪᠠᠷᠢᠯᠭ᠎ᠠ ᠶᠢᠨ ᠠᠵᠢᠯ ᠤᠨ ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ ᠶᠢᠨ ᠠᠷᠭ᠎ᠠ ᠵᠡᠷᠭᠡ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠶᠣᠰᠣᠭᠠᠷ ᠶᠠᠪᠤᠭᠤᠯ ᠬᠥᠮᠦᠨ ᠠᠮᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠳᠥᠷᠪᠡ᠂ ᠣᠯᠠᠨ ᠨᠡᠶᠢᠲᠡ ᠶᠢᠨ ᠰᠠᠨᠠᠯ ᠤᠨ ᠬᠠᠷᠢᠭᠤ ᠲᠤᠰᠬᠠᠯ | ᠨᠡᠶᠢᠲᠡ ᠣᠯᠠᠨ ᠢᠶᠠᠷ ᠢᠶᠠᠨ ᠨᠡᠶᠢᠲᠡ ᠳᠤ ᠵᠠᠷᠯᠠᠬᠤ ᠬᠠᠷᠢᠯᠴᠠᠬᠤ ᠬᠠᠶᠢᠭ ᠲᠤ ᠵᠠᠬᠢᠳᠠᠯ᠂ ᠹᠠᠺᠰ᠂ ᠡᠯᠧᠺᠲ ᠷᠣᠨ | ᠰᠢᠦᠳᠠᠨ ᠤ ᠵᠦᠢᠯ ᠵᠡᠷᠭᠡ ᠠᠷᠭ᠎ᠠ ᠮᠠᠶ ᠢᠭ ᠢᠶᠠᠷ ᠳᠠᠮᠵᠢᠭᠤᠯᠤᠨ᠂ ᠲᠤᠰ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠶ ᠰᠠᠨᠠᠯ ᠦᠵᠡᠯᠲᠡ ᠪᠠᠨ ᠨᠡᠶᠢᠲᠡᠯᠡᠵᠦ ᠪᠣᠯᠤᠨ᠎ᠠ᠃ | ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ | ᠳᠠᠭᠠᠭᠠᠨ ᠭᠦᠶ᠋ᠴᠡᠳᠬᠡᠬᠦ ᠨᠢᠭᠡᠴᠡ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠲᠥᠷᠥᠯ ᠵᠦᠶ᠋ᠯ ᠤᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ | ᠦᠨᠡᠯᠡᠨ ᠵᠢᠱᠢᠬᠦ ᠨᠢᠭᠡᠴᠡ᠄ ᠥᠪᠥᠷ ᠮᠣᠩᠭᠤᠯ ᠤᠨ ᡁᠢ ᠶᠤᠸᠠᠨ ᠹᠠᠩ ᠯᠢᠤᠸᠠᠢ ᠢᠨᠵᠧᠨᠧᠷᠢᠩ ᠤᠨ | ᠯᠠᠪᠯᠠᠭ᠎ᠠ ᠶᠢᠨ ᠬᠢᠵᠠᠭᠠᠷᠲᠤ ᠺᠣᠮᠫᠠᠨᠢ᠃ | ᠬᠠᠷᠢᠯᠴᠠᠬᠤ ᠬᠥᠮᠦᠨ᠄ ᠬᠠᠨ ᠵᠧᠨ ᠵᠧ ᠬᠠᠷᠢᠯᠴᠠᠬᠤ ᠤᠲᠠᠰᠤ᠄ 1554794116 ᠢᠮᠧᠯ᠄ | 937905600 @ qq . com | ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠶ᠋ᠯ ᠤᠨ | ᠬᠠᠮᠢᠶᠠᠷᠤᠯᠲᠠ ᠶᠢᠨ ᠬᠤᠪᠢᠶᠠᠷᠢ ᠺᠣᠮᠫᠠᠨᠢ | 2024 ᠣᠨ ᠤ 8 ᠳ᠋ᠤᠭᠠᠷ ᠰᠠᠷ᠎ᠠ ᠶᠢᠨ 30 ᠤ ᠡᠳᠦᠷ᠃ |