ᠰᠢᠯᠤᠭᠤᠨ ᠬᠥᠪᠡᠭᠡᠲᠦ ᠴᠠᠭᠠᠨ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 93 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2024/9/12
    7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠷᠳᠡᠨᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 93 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ 2 ᠳ᠋ᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠣᠣᠠᠨ ᠵᠧᠤ ᠴᠧᠩ ᠲᠢᠩ ᠬᠤ ᠨᠢᠭᠡᠳᠦᠭᠡᠷ ᠹᠷᠣᠨᠲ ᠤᠨ ᠬᠠᠰᠢᠯᠭ᠎ᠠ ᠰᠡᠲᠡᠷᠡᠬᠦ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠣᠣᠠᠨ ᠵᠧᠤ ᠳ᠋ᠦᠩ ᠲᠢᠩ ᠬᠤ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠰᠡᠲᠡᠷᠡᠬᠦ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠷᠴᠢᠮ ᠢᠶᠠᠨ ᠢᠮᠠᠭᠲᠠ ᠴᠢᠩᠭᠠᠷᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠪᠡᠶᠡᠯᠡᠭᠦᠯᠬᠦ ᠬᠡᠷᠡᠭᠲᠡᠶ᠃ ᠲᠦᠢᠯ ᠤᠨ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠨᠠᠨ ᠬᠡᠮᠵᠢᠬᠦ ᠶᠢ ᠪᠣᠳᠠᠲᠠᠶᠢᠵᠢᠭᠤᠯᠬᠤ᠂ ᠤᠷᠢᠳᠴᠢᠯᠠᠨ ᠮᠡᠳᠡᠭᠡᠯᠡᠬᠦ ᠶᠢ ᠣᠨᠣᠪᠴᠢᠲᠠᠶ ᠪᠠᠶᠢᠯᠭᠠᠬᠤ᠂ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠪᠡᠶᠡᠯᠡᠭᠦᠯᠬᠦ ᠬᠡᠷᠡᠭᠲᠡᠶ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂  ᠪᠠᠴᠢᠮ  ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ  ᠴᠢᠩᠭᠠᠳᠬᠠᠵᠤ ᠂  ᠪᠠᠴᠢᠮ  ᠪᠠᠶᠢᠳᠠᠯ  ᠢ   ᠠᠷᠭᠠᠴᠠᠭᠠᠬᠤ  ᠠᠪᠤᠷᠠᠨ  ᠲᠤᠰᠠᠯᠠᠬᠤ ᠴᠢᠳᠠᠪᠤᠷᠢ  ᠪᠠᠨ  ᠳᠡᠭᠡᠭᠰᠢᠯᠡᠭᠦᠯᠬᠦ  ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠵᠠᠶᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠬᠤ ᠬᠡᠷᠡᠭᠲᠡᠶ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠳᠠᠶᠢᠯᠠᠯᠳᠤᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠰᠢᠶ᠋ᠳᠪᠦᠷᠢᠯᠡᠬᠦ ᠶᠠᠪᠤᠳᠠᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠡᠰᠡᠭ ᠲᠠᠯ᠎ᠠ ᠪᠠᠷ ᠪᠡᠯᠴᠢᠭᠡᠷᠯᠡᠭᠦᠯᠬᠦ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠲᠤᠰᠠᠯᠠᠵᠤ ᠱᠠᠩᠨᠠᠬᠤ ᠪᠠᠯᠠ ᠮᠥᠩᠭᠦ ᠣᠯᠭᠤᠬᠤ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠲᠠᠢ ᠬᠤᠯᠪᠣᠭᠳᠠᠭᠤᠯᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ︽ᠡᠪᠡᠰᠦ ᠪᠡᠯᠴᠢᠭᠡᠷ᠂ ᠬᠠᠰᠢᠶ᠎ᠠ ᠰᠠᠷᠠᠪᠴᠢ᠂ ᠠᠵᠤ ᠦᠶ᠋ᠯᠡᠰ᠂ ᠬᠢᠨᠠᠯᠲᠠ ᠬᠠᠮᠢᠶᠠᠷᠤᠯᠲᠠ︾ ᠳᠥᠷᠪᠡᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠮᠥᠩᠭᠦᠨ ᠭᠦᠢᠯᠭᠡᠭᠡ ᠪᠠᠷ ᠬᠠᠪᠰᠤᠷᠤᠨ ᠲᠡᠳᠬᠦᠬᠦ᠂ ᠠᠵᠢᠯ ᠣᠯᠭᠤᠵᠤ ᠦᠢᠯᠡᠰ ᠪᠤᠰᠬᠠᠬᠤ ᠵᠡᠷᠭᠡ ᠠᠰᠢᠭᠲᠠᠢ ᠲᠦᠷᠦ ᠶᠢᠨ ᠪᠤᠳᠤᠯᠭ᠎ᠠ ᠶᠢ ᠰᠠᠶᠢᠲᠤᠷ ᠠᠮᠢᠳᠤᠯᠢᠭ ᠬᠡᠷᠡᠭᠯᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠭᠦᠨᠵᠡᠭᠡᠢ ᠣᠷᠣᠯᠴᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ︽ᠬᠤᠣᠰ ᠠᠮᠵᠢᠯᠲᠠ︾ ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠪᠣᠯᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠢᠭᠡᠳ ᠣᠷᠣᠨ ᠰᠠᠭᠤᠴᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ᠂ ᠬᠠᠶᠠᠭᠳᠠᠮᠠᠯ ᠲᠣᠰᠣᠯᠢᠭ ᠵᠦᠶ᠋ᠯ ᠵᠡᠷᠭᠡ ᠭᠤᠤᠯᠳᠠᠯᠭ᠎ᠠ ᠶᠢᠨ ᠲᠣᠭᠤᠷᠢᠨ ᠳᠤ᠂ ᠪᠥᠬᠦ ᠬᠡᠯᠬᠢᠶ᠎ᠡ᠂ ᠪᠦᠬᠦᠨ ᠢ ᠬᠠᠮᠤᠷᠤᠭᠰᠠᠨ ᠥᠪᠡᠰᠦᠪᠡᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠷᠢᠨ ᠲᠠᠩᠰᠠ ᠪᠠᠶᠢᠭᠤᠯᠤᠨ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠶ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠢᠴᠢ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号