ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢ ᠲᠤᠷᠰᠢᠨ ᠠᠵᠢᠯᠯᠠᠭᠤᠯᠬᠤ ᠲᠤᠬᠠᠶ ᠠᠯᠪᠠᠨ ᠵᠠᠷ᠃
ᠨᠡᠶᠢᠲᠡᠯᠡᠭᠰᠡᠨ ᠴᠠᠭ᠄
2024/9/12
   ᠥᠷᠭᠡᠨ ᠣᠯᠠᠨ ᠰᠠᠭᠤᠭᠠᠯᠢ ᠠᠷᠠᠳ᠄    ᠮᠠᠨ ᠤ ᠬᠤᠰᠢᠭᠤᠨ ᠤ ᠶᠠᠪᠤᠵᠤ ᠰᠠᠭᠤᠬᠤ ᠦᠶ᠋ᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠮᠠᠨ ᠤ ᠬᠤᠰᠢᠭᠤ 2 ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠨᠡᠪᠲᠡᠷᠡᠭᠦᠯᠵᠦ᠂ ᠰᠢᠯᠢ ᠶᠢᠨ ᠭᠤᠤᠯ ᠤᠨ ᠠᠨ ᠱᠦᠨ ᠲᠡᠭᠡᠭᠡᠪᠦᠷᠢ ᠶᠢᠨ ᠪᠦᠦ ᠴᠠᠩ ᠠᠶᠠᠨᠴᠢᠳ ᠤᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠬᠤᠪᠢᠶᠠᠷᠢ ᠺᠣᠮᠫᠠᠨᠢ ᠡᠵᠡᠩᠨᠡᠬᠦ ᠪᠠᠷ ᠪᠣᠶ᠂ ᠣᠲᠣ ᠬᠠᠮᠢᠶ᠎ᠠ ᠪᠥᠬᠦᠶ ᠤᠴᠢᠷ ᠢ ᠳᠤᠤᠷᠠᠬᠢ ᠮᠡᠲᠦ ᠵᠠᠷᠯᠠᠶ᠎ᠠ᠄    ᠭᠦᠢᠴᠡᠳᠬᠡᠬᠦ ᠬᠤᠭᠤᠴᠠᠭ᠎ᠠ    2024 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠤᠷᠰᠢᠨ ᠠᠵᠢᠯᠯᠠᠭᠤᠯᠵᠤ᠂ ᠡᠷᠲᠡ ᠶᠢᠨ ᠡᠭᠡᠯᠵᠢ ᠶᠢᠨ ᠲᠡᠷᠭᠡ 7᠄ 00᠂ ᠡᠴᠦᠰ ᠤᠨ ᠡᠭᠡᠯᠵᠢ ᠶᠢᠨ ᠲᠡᠷᠭᠡ 18᠄ 30᠃    ᠡᠷᠭᠢᠯᠲᠡ ᠶᠢᠨ ᠱᠤᠭᠤᠮ᠃    ᠨᠢᠭᠡᠳᠦᠭᠡᠷ ᠱᠤᠭᠤᠮ᠄ ᠬᠤᠶᠠᠳᠤᠭᠠᠷ ᠬᠡᠦᠬᠡᠳ ᠤᠨ ᠴᠡᠴᠡᠷᠯᠢᠭ / ᠴᠢᠩ ᠴᠢᠩ ᠬᠡᠷ ᠣᠷᠣᠨ / ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ / ᠸᠠᠨᠺᠤ ᠯᠦᠩ ᠬᠡᠲᠦ ᠳᠡᠯᠭᠡᠭᠦᠷ / ᠪᠠᠶ ᠷᠦᠩ ᠠᠮᠢᠳᠤᠷᠠᠯ ᠤᠨ ᠠᠭᠤᠳᠠᠮ ᠲᠠᠯᠠᠪᠠᠶ / ᠮᠢᠩᠭᠠᠲᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ / ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ / ᠳᠠᠯᠠᠨ ᠤ ᠡᠳ᠋ᠯᠡᠩ / ᠲᠠᠷᠢᠶᠠᠯᠠᠩ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠤᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ / ᠮᠦᠤᠤ ᠯᠢᠦᠶ ᠬᠤᠸᠠ ᠴᠧᠩ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡ / ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ / ᠭᠠᠶᠢᠯᠢ ᠶᠢᠨ ᠶᠠᠪᠤᠳᠠᠯ ᠤᠨ ᠲᠣᠪᠴᠢᠶ᠎ᠠ / ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ / ᠭᠠᠯᠲᠤ ᠲᠡᠷᠭᠡᠨ ᠥᠷᠲᠡᠭᠡ    ᠬᠤᠶᠠᠳᠤᠭᠠᠷ ᠨᠣᠮᠧᠷᠲᠤ ᠱᠤᠭᠤᠮ᠄ ᠶᠤᠸᠠᠨ ᠳ᠋ᠢᠩ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ᠂ ᠴᠠᠭᠠᠨᠨᠠᠭᠤᠷ ᠠᠭᠤᠳᠠᠮ ᠲᠠᠯᠠᠪᠠᠶ ᠶᠢᠨ ᠬᠤᠶᠢᠲᠤ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠴᠠᠭᠠᠨᠨᠠᠭᠤᠷ ᠠᠭᠤᠳᠠᠮ ᠲᠠᠯᠠᠪᠠᠶ ᠶᠢᠨ ᠡᠮᠦᠨ᠎ᠡ᠂ ᠠᠶ ᠮᠢᠨ ᠪᠠᠭᠤᠳᠠᠯ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠪᠠᠶᠠᠨ ᠴᠠᠬᠠᠷ ᠮᠣᠩᠭᠤᠯ ᠬᠤᠭᠤᠯᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠰᠢᠨ ᠲᠡᠷᠭᠡᠨ ᠤ ᠥᠷᠲᠡᠭᠡ᠂ ᠮᠤᠩ ᠯᠢᠶᠠᠩ ᠤᠨ ᠳᠠᠶᠢᠯᠠᠯᠭ᠎ᠠ ᠶᠢᠨ ᠲᠢᠩᠬᠢᠮ᠂ ᠳᠠᠯᠠᠨ ᠬᠤᠪᠢ ᠶᠢᠨ ᠡᠳ᠋ᠯᠡᠩ᠂ ᠲᠠᠷᠢᠶᠠᠯᠠᠩ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠤᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠮᠦᠤᠤ ᠯᠢᠦᠶ ᠬᠤᠸᠠ ᠴᠧᠩ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡ᠂ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ᠂ ᠨᠠᠨᠮᠦ᠋ᠬᠠᠨ ᠰᠠᠭᠤᠭᠠᠯᠢ ᠲᠣᠭᠤᠷᠢᠭ ᠤᠨ ᠪᠠᠷᠠᠭᠤᠨ ᠡᠭᠦᠳᠡ᠂ ᠰᠢᠨ᠎ᠡ ᠲᠣᠭᠤᠷᠢᠭ ᠤᠨ ᠹᠦ᠋ ᠮᠠᠨ ᠵᠢᠶᠠ ᠬᠡᠲᠦ ᠳᠡᠯᠭᠡᠭᠦᠷ᠂ ᠭᠠᠯᠲᠤ ᠲᠡᠷᠭᠡᠨ ᠥᠷᠲᠡᠭᠡ    ᠲᠡᠷᠭᠡᠨ ᠤ ᠲᠣᠬᠢᠷᠠᠭᠤᠯᠤᠯᠲᠠ ᠵᠢᠴᠢ ᠪᠢᠯᠧᠲ ᠤᠨ ᠦᠨ᠎ᠡ᠃ ᠲᠡᠷᠭᠡ ᠬᠥᠰᠬᠡ ᠶᠢᠨ ᠪᠠᠶᠢᠳᠠᠯ᠄ ᠨᠢᠭᠡᠳᠦᠭᠡᠷ᠂ ᠬᠤᠶᠠᠳᠤᠭᠠᠷ ᠬᠤᠶᠠᠷ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠲᠣᠰᠪᠣᠷᠢ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠳᠤ 2 ᠢ ᠣᠷᠣᠭᠤᠯᠤᠨ᠎ᠠ︔    ᠪᠢᠯᠧᠲ ᠤᠨ ᠦᠨ᠎ᠡ ᠶᠢᠨ ᠪᠠᠢᠳᠠᠯ᠄ 1 ᠲᠥᠭᠦᠷᠢᠭ ᠬᠥᠮᠦᠨ᠃    ᠪᠤᠰᠤᠳ ᠬᠡᠷᠡᠭ ᠶᠠᠪᠤᠳᠠᠯ    ᠮᠠᠨ ᠤ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠶᠢ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠶᠢ ᠬᠡᠷᠡᠭᠵᠢᠭᠦᠯᠵᠦ᠂ ᠣᠲᠣ ᠶᠠᠭ ᠦᠶ᠋ᠯᠡᠳᠴᠦ ᠪᠠᠶᠢᠨ᠎ᠠ᠂ ᠠᠶᠠᠨᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠵᠢᠴᠢ ᠬᠡᠪ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠪᠠᠲᠤᠯᠠᠬᠤ ᠶᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ ᠳᠡᠭᠡᠷ᠎ᠡ ᠳᠤᠷᠠᠳᠤᠭᠰᠠᠨ ᠵᠠᠮ ᠱᠤᠭᠤᠮ ᠳᠤ ᠲᠡᠷᠭᠡᠨ ᠳᠤ ᠰᠠᠭᠤᠬᠤ ᠳᠠᠭᠠᠨ ᠲᠣᠭᠲᠠᠭᠰᠠᠨ ᠲᠡᠷᠭᠡᠨ ᠥᠷᠲᠡᠭᠡᠨ ᠤ ᠴᠡᠭ ᠲᠤ ᠬᠦᠷᠴᠦ ᠲᠡᠷᠭᠡᠨ ᠳᠤ ᠰᠠᠭᠤᠵᠤ᠂ ᠲᠣᠭᠲᠠᠭᠰᠠᠨ ᠲᠡᠷᠭᠡᠨ ᠥᠷᠲᠡᠭᠡᠨ ᠤ ᠴᠡᠭ ᠠᠴᠠ ᠭᠠᠳᠠᠨᠠᠬᠢ ᠭᠠᠵᠠᠷ ᠲᠤ ᠨᠡᠶᠢᠲᠡ ᠶᠢᠨ ᠮᠠᠰᠢᠨ ᠲᠡᠷᠭᠡ ᠵᠣᠭᠰᠣᠬᠤ ᠥᠬᠡᠶ ᠪᠠᠶᠢᠬᠤ ᠶᠢ ᠰᠠᠨᠠᠭᠠᠴᠢᠯᠠᠨ᠎ᠠ᠃    ᠨᠡᠶᠢᠲᠡ ᠶᠢᠨ ᠮᠠᠰᠢᠨ ᠲᠡᠷᠭᠡᠨ ᠤ ᠱᠤᠭᠤᠮ ᠬᠠᠷᠠᠬᠠᠨ ᠲᠤᠷᠰᠢᠨ ᠠᠵᠢᠯᠯᠠᠬᠤ ᠱᠠᠲᠤᠨ ᠳᠤ ᠣᠷᠣᠰᠢᠵᠤ ᠪᠣᠶ᠂ ᠣᠳᠣᠬᠠᠨ ᠳᠤ ᠰᠢᠯᠢ ᠶᠢᠨ ᠭᠤᠤᠯ ᠤᠨ ᠠᠨ ᠱᠦᠨ ᠲᠡᠭᠡᠭᠡᠪᠦᠷᠢ ᠶᠢᠨ ᠪᠦᠦ ᠴᠠᠩ ᠠᠶᠠᠨᠴᠢᠳ ᠤᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠬᠤᠪᠢᠶᠠᠷᠢ ᠺᠣᠮᠫᠠᠨᠢ ᠶᠢᠨ ᠲᠡᠷᠭᠡ ᠬᠥᠰᠬᠡ ᠶᠢᠨ ᠺᠣᠳ᠋ ᠰᠢᠷᠪᠢᠬᠦ ᠪᠠ ᠺᠠᠷᠲ ᠢᠶᠠᠷ ᠵᠣᠭᠤᠰ ᠲᠤᠰᠢᠶᠠᠬᠤ ᠰᠢᠰᠲ᠋ᠧᠮ ᠶᠠᠭ ᠠᠯᠬᠤᠮ ᠠᠯᠬᠤᠮ ᠢᠶᠠᠷ ᠲᠡᠭᠦᠯᠳᠡᠷᠵᠢᠵᠦ ᠪᠠᠶᠢᠨ᠎ᠠ᠂ ᠡᠶᠢᠮᠦ ᠠᠴᠠ ᠨᠡᠶᠢᠲᠡ ᠶᠢᠨ ᠮᠠᠰᠢᠨ ᠲᠡᠷᠭᠡᠨ ᠤ ᠡᠮᠦᠨᠡᠬᠢ ᠬᠤᠭᠤᠴᠠᠭᠠᠨ ᠤ ᠠᠵᠢᠯᠯᠠᠭᠠᠨ ᠤ ᠬᠤᠭᠤᠴᠠᠭᠠᠨ ᠳᠠᠬᠢ ᠲᠡᠷᠭᠡᠨ ᠳᠤ ᠰᠠᠭᠤᠬᠤ ᠵᠠᠷᠤᠳᠠᠯ ᠢ ᠪᠣᠳᠠᠲᠤ ᠶᠠᠭᠤᠮ᠎ᠠ ᠪᠠᠷ ᠵᠣᠭᠤᠰ ᠥᠭᠬᠦ ᠠᠷᠭ᠎ᠠ ᠮᠠᠶ᠋ᠢᠭ ᠢᠶᠠᠷ ᠥᠭᠬᠦ ᠬᠡᠷᠡᠭᠲᠡᠶ᠂ ᠥᠷᠭᠡᠨ ᠣᠯᠠᠨ ᠠᠶᠠᠨᠴᠢᠳ ᠲᠡᠷᠭᠡᠨ ᠳᠤ ᠰᠠᠭᠤᠬᠤ ᠳᠠᠭᠠᠨ 1 ᠲᠥᠭᠦᠷᠢᠭ ᠤᠨ ᠴᠠᠭᠠᠰᠤᠨ ᠵᠣᠭᠤᠰ ᠪᠤᠶᠤ 1 ᠲᠥᠭᠦᠷᠢᠭ ᠤᠨ ᠲᠡᠮᠦᠷᠯᠢᠭ ᠵᠣᠭᠤᠰ ᠢ ᠤᠷᠢᠳᠴᠢᠯᠠᠨ ᠪᠡᠯᠡᠳᠬᠡᠵᠦ᠂ ᠵᠣᠭᠤᠰ ᠲᠤᠰᠢᠶᠠᠬᠤ ᠰᠢᠰᠲ᠋ᠧᠮ ᠨᠡᠪᠲᠡᠷᠡᠭᠰᠡᠨ ᠤ ᠳᠠᠷᠠᠭ᠎ᠠ ᠠᠰᠲᠠᠭᠠᠨ ᠮᠡᠳᠡᠭᠳᠡᠭᠡᠷᠡᠶ᠂ ᠡᠮᠦᠨᠡᠬᠢ ᠬᠤᠭᠤᠴᠠᠭᠠᠨ ᠤ ᠵᠣᠭᠤᠰ ᠳᠥᠯᠥᠬᠦ ᠠᠷᠭ᠎ᠠ ᠮᠠᠶ᠋ᠢᠭ ᠤᠨ ᠬᠢᠵᠠᠭᠠᠷᠯᠠᠯ ᠠᠴᠠ ᠪᠣᠯᠤᠭᠰᠠᠨ ᠳᠥᠭᠦᠮ ᠪᠤᠰᠤ ᠲᠠᠯ᠎ᠠ ᠶᠢ ᠠᠭᠤᠴᠢᠯᠠᠭᠠᠷᠠᠶ︕    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠃     2024 ᠣᠨ ᠤ 8 ᠳ᠋ᠤᠭᠠᠷ ᠰᠠᠷ᠎ᠠ ᠶᠢᠨ 21 ᠤ ᠡᠳᠦᠷ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号