ᠤᠯᠤᠰ ᠤᠨ ᠰᠦᠯᠳᠡ ᠳᠠᠭᠤᠤ ᠶᠢ ᠬᠦᠭᠵᠢᠮᠳᠡᠬᠦ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠡᠶᠢᠳᠡᠯᠡᠪᠡ
ᠨᠡᠶᠢᠲᠡᠯᠡᠭᠰᠡᠨ ᠴᠠᠭ᠄
2024/9/13
    9 ᠳ᠋ᠦ᠋ᠭᠡᠷ ᠰᠠᠷ᠎ᠠ ᠶᠢᠨ 1 ᠤ ᠡᠳᠦᠷ᠂ ᠳᠦᠷᠤ ᠶᠢᠨ ᠶᠠᠪᠤᠲᠠᠯ ᠤᠨ ᠬᠤᠷᠢᠶᠠᠨ ᠤ ᠰᠣᠨᠢᠠ ᠮᠡᠳᠡᠭᠡᠨ ᠤ ᠠᠯᠪᠠᠨ ᠬᠡᠷ ᠰᠣᠨᠢᠠ ᠮᠡᠳᠡᠭᠡ ᠨᠠᠶᠢᠲᠠᠯᠠᠭᠦ ᠬᠤᠷᠠᠯ ᠬᠤᠷᠠᠯᠳᠤᠭᠤᠯᠵᠤ᠂ ᠤᠯᠤᠰ ᠤᠨ ᠰᠦᠯᠳᠡ ᠳᠠᠭᠤᠤ ᠶᠢ ᠬᠦᠭᠵᠢᠮᠳᠡᠬᠦ ᠪᠠᠷᠢᠮᠵᠢᠶᠠᠲᠤ ᠨᠣᠲ ᠪᠠ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠨᠡᠶᠢᠲᠡᠯᠡᠵᠡᠢ᠃ ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠤᠯᠤᠰ ᠤᠨ ᠰᠦᠯᠳᠡ ᠳᠠᠭᠤᠤ ᠶᠢᠨ ᠬᠠᠣᠯᠢ︾ ᠶᠢᠨ ᠳᠣᠬᠲᠠᠭᠠᠯ ᠶᠣᠰᠣᠭᠠᠷ᠂ ᠤᠯᠤᠰ ᠤᠨ ᠰᠦᠯᠳᠡ ᠳᠠᠭᠤᠤ ᠶᠢ ᠬᠦᠭᠵᠢᠮᠳᠡᠬᠦ ᠪᠠᠷᠢᠮᠵᠢᠶᠠᠲᠤ ᠨᠣᠲ᠂ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠢ ᠳᠣᠮᠲᠠᠲᠤ ᠤᠯᠤᠰ ᠤᠨ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠦᠯᠵᠢᠶ᠎ᠡ ᠪᠠ ᠳᠣᠮᠲᠠᠲᠤ ᠤᠯᠤᠰ ᠤᠨ ᠵᠠᠰᠠᠭ ᠤᠨ ᠣᠷᠲᠣᠠ ᠤ ᠰᠦᠯᠵᠢᠶᠠᠨ ᠳᠤ ᠨᠠᠶᠢᠲᠠᠯᠠᠵᠠᠢ᠃    ᠲᠤᠰ ᠤᠳᠠᠭᠠᠨ ᠤ ᠨᠡᠶᠢᠲᠡᠯᠡᠭᠰᠡᠨ ᠤᠯᠤᠰ ᠤᠨ ᠰᠦᠯᠳᠡ ᠳᠠᠭᠤᠤ ᠶᠢ ᠬᠦᠭᠵᠢᠮᠳᠡᠬᠦ ᠪᠠᠷᠢᠮᠵᠢᠶᠠᠲᠤ ᠨᠣᠲ ᠲᠤ ᠪᠠᠭᠲᠠᠬᠤ ᠨᠢ᠄    ᠦᠯᠢᠶᠡᠪᠦᠷᠢ ᠬᠦᠭᠵᠢᠮᠳᠡᠭᠦᠷ ᠴᠢᠪᠬᠠᠳᠠᠰᠤᠲᠤ ᠬᠦᠭᠵᠢᠮᠳᠡᠭᠦᠷ ᠤᠨ ᠶᠡᠷᠦᠩᠬᠡᠢ ᠨᠣᠲ    ᠦᠯᠢᠶᠡᠪᠦᠷᠢ ᠬᠦᠭᠵᠢᠮᠳᠡᠭᠦᠷ ᠤᠨ ᠶᠡᠷᠦᠩᠬᠡᠢ ᠨᠣᠲ    ᠲᠡᠭᠦᠯᠳᠡᠷ ᠬᠤᠭᠤᠷ ᠤᠨ ᠬᠠᠪᠰᠤᠷᠤᠯ ᠬᠦᠭᠵᠢᠮ ᠤᠨ ᠨᠣᠲ    ᠲᠤᠰ ᠤᠳᠠᠭᠠᠨ ᠤ ᠨᠡᠶᠢᠲᠡᠯᠡᠭᠰᠡᠨ ᠤᠯᠤᠰ ᠤᠨ ᠰᠦᠯᠳᠡ ᠳᠠᠭᠤᠤ ᠶᠢᠨ ᠠᠯᠪᠠᠨ ᠤ ᠲᠠᠯ᠎ᠠ ᠶᠢᠨ ᠳᠠᠭᠤ ᠰᠢᠩᠭᠡᠭᠡᠯᠲᠡ ᠶᠢᠨ ᠬᠡᠪᠯᠡᠯ ᠳᠤ ᠪᠠᠭᠲᠠᠬᠤ ᠨᠢ᠄    ᠦᠯᠢᠶᠡᠪᠦᠷᠢ ᠬᠦᠭᠵᠢᠮᠳᠡᠭᠦᠷ ᠴᠢᠪᠬᠠᠳᠠᠰᠤᠲᠤ ᠬᠦᠭᠵᠢᠮᠳᠡᠭᠦᠷ ᠤᠨ ᠬᠡᠪᠯᠡᠯ    ᠦᠯᠢᠶᠡᠪᠦᠷᠢ ᠬᠦᠭᠵᠢᠮᠳᠡᠭᠦᠷ ᠴᠢᠪᠬᠠᠳᠠᠰᠤᠲᠤ ᠬᠦᠭᠵᠢᠮᠳᠡᠭᠦᠷ ᠤᠨ ᠨᠠᠶᠢᠷᠠᠯ ᠳᠠᠭᠤᠤ ᠶᠢᠨ ᠬᠡᠪᠯᠡᠯ    ᠦᠯᠢᠶᠡᠪᠦᠷᠢ ᠬᠦᠭᠵᠢᠮᠳᠡᠭᠦᠷ ᠤᠨ ᠬᠡᠪᠯᠡᠯ    ᠦᠯᠢᠶᠡᠪᠦᠷᠢ ᠬᠦᠭᠵᠢᠮᠳᠡᠭᠦᠷ ᠤᠨ ᠨᠠᠶᠢᠷᠠᠯ ᠳᠠᠭᠤᠤ ᠶᠢᠨ ᠬᠡᠪᠯᠡᠯ     ᠮᠡᠷᠭᠡᠨ ᠴᠣᠬᠤᠷ ᠢ ᠰᠢᠷᠪᠢᠬᠦ ᠪᠤᠶᠤ ᠤᠳᠠᠭᠠᠬᠠᠨ ᠳᠠᠷᠤᠭᠠᠳ    ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ︾ ᠶᠢᠨ ᠲᠤᠰᠬᠠᠶ ᠬᠠᠭᠤᠳᠠᠰᠤᠨ ᠠᠴᠠ ᠪᠠᠭᠤᠯᠭᠠᠨ ᠬᠡᠷᠡᠭᠯᠡᠭᠡᠷᠡᠢ
6386106723598584211800821.png
    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠬᠠᠤᠯᠢ︾ ᠶᠢᠨ ᠳᠣᠭᠲᠠᠭᠠᠯ ᠢᠶᠠᠷ ᠤᠯᠤᠰ ᠤᠨ ᠰᠦᠯᠳᠡ ᠳᠠᠭᠤᠤ ᠶᠢ ᠬᠦᠭᠵᠢᠮᠳᠡᠨ ᠳᠠᠭᠤᠯᠠᠪᠠᠰᠤ ᠵᠣᠬᠢᠬᠤ ᠲᠠᠯᠠᠪᠤᠷ᠄    ︵ᠨᠢᠭᠡ︶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠡᠬᠢᠯᠡᠬᠦ ᠶᠣᠰᠣᠯᠠᠯ᠂ ᠲᠡᠭᠦᠰᠬᠦ ᠶᠤᠰᠤᠯᠠᠯ︔    ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠦᠬᠦ ᠤᠯᠤᠰ ᠤᠨ  ᠬᠤᠷᠢᠶᠠᠨ  ᠤ  ᠪᠠ  ᠣᠷᠣᠨ  ᠨᠤᠲᠤᠭ  ᠤᠨ  ᠡᠯ᠎ᠡ  ᠱᠠᠲᠤᠨ ᠤ ᠤᠯᠤᠰ ᠲᠥᠷᠥ ᠶᠢᠨ ᠵᠥᠪᠯᠡᠯᠭᠡᠨ  ᠤ  ᠬᠤᠷᠢᠶᠠᠨ  ᠤ  ᠬᠤᠷᠠᠯ  ᠡᠬᠢᠯᠡᠬᠦ  ᠶᠣᠰᠣᠯᠠᠯ᠂ ᠲᠡᠭᠦᠰᠬᠦ ᠶᠤᠰᠤᠯᠠᠯ︔    ︵ᠬᠤᠶᠠᠷ︶ ᠡᠯ᠎ᠡ ᠲᠥᠷᠥ ᠶᠢᠨ ᠨᠠᠮ᠂ ᠡᠯ᠎ᠡ ᠠᠷᠠᠳ ᠤᠨ ᠪᠦᠯᠬᠦᠮ ᠤᠳ ᠤᠨ ᠡᠯ᠎ᠡ ᠱᠠᠲᠤᠨ ᠤ ᠲᠥᠯᠥᠭᠡᠯᠡᠭᠴᠢᠳ ᠤᠨ ᠶᠡᠭᠡ ᠬᠤᠷᠠᠯ ᠵᠡᠷᠭᠡ︔    ︵ᠭᠤᠷᠪᠠ︶ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ︔    ︵ᠲᠦᠷᠪᠡ︶ ᠤᠯᠤᠰ ᠤᠨ ᠲᠤᠭ ᠮᠠᠨᠳᠤᠭᠤᠯᠬᠤ ᠶᠣᠰᠣᠯᠠᠯ︔    ︵ᠲᠠᠪᠤ︶ ᠡᠯ᠎ᠡ ᠱᠠᠲᠤᠨ ᠤ ᠪᠠᠶᠢᠭᠤᠯᠭ᠎ᠠ ᠶᠢᠨ ᠶᠠᠪᠤᠭᠳᠠᠭᠤᠯᠤᠭᠰᠠᠨ ᠡᠰᠡᠬᠦᠯ᠎ᠡ ᠵᠣᠬᠢᠶᠠᠨ ᠪᠠᠶᠢᠭᠤᠯᠤᠭᠰᠠᠨ ᠦᠪᠡᠳᠡᠭᠰᠢ ᠴᠤᠭᠯᠠᠭᠠᠨ᠂ ᠬᠥᠬᠢᠭᠦᠯᠦᠨ ᠰᠠᠶᠢᠰᠢᠶᠠᠬᠤ ᠶᠣᠰᠣᠯᠠᠯ᠂ ᠳᠤᠷᠠᠰᠬᠠᠬᠤ ᠶᠤᠰᠤᠯᠠᠯ ᠵᠡᠷᠭᠡ︔    ︵ᠵᠢᠷᠭᠤᠭ᠎ᠠ︶ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ︔    ︵ᠳᠤᠯᠤᠭ᠎ᠠ︶ ᠭᠠᠳᠠᠭᠠᠳᠤ ᠬᠠᠷᠢᠯᠴᠠᠭᠠᠨ ᠤ ᠲᠣᠮᠣ ᠠᠵᠢᠯᠯᠠᠭ᠎ᠠ︔    ︵ᠨᠠᠢᠮᠠ︶ ᠪᠡᠶ᠎ᠡ ᠶᠢᠨ ᠲᠠᠮᠢᠷ ᠤᠨ ᠲᠣᠮᠣ ᠤᠷᠤᠯᠳᠤᠭᠠᠨ︔    ︵ᠶᠢᠰᠦ︶ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠᠰᠤ ᠵᠣᠬᠢᠬᠤ ᠪᠤᠰᠤᠳ ᠲᠠᠯᠠᠪᠤᠷ᠃    ᠤᠯᠤᠰ ᠠᠴᠠ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠵᠣᠬᠢᠰᠲᠠᠢ ᠲᠠᠯᠠᠪᠤᠷ ᠲᠤ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠡᠬᠡ ᠣᠷᠣᠨ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠷᠬᠡᠶᠢᠯᠡᠬᠦ ᠶᠢ ᠰᠠᠨᠠᠭᠠᠴᠢᠯᠠᠵᠤ ᠪᠠᠶᠢᠨ᠎ᠠ᠃    ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠬᠤ ᠦᠶᠡᠰ ᠲᠤ᠂ ᠲᠤᠬᠠᠢ ᠶᠢᠨ ᠲᠠᠯᠠᠪᠠᠢ ᠳᠤ ᠪᠠᠶᠢᠭ᠎ᠠ ᠬᠥᠮᠦᠰ ᠲᠥᠪ ᠵᠣᠭᠰᠣᠬᠤ ᠪᠥᠭᠡᠳ ᠦᠢᠯᠡ ᠬᠦᠳᠡᠯᠣᠯ ᠲᠥᠪ ᠬᠢᠴᠢᠶᠡᠩᠭᠦᠢ ᠪᠠᠶᠢᠬᠤ ᠬᠡᠷᠡᠭᠲᠡᠢ᠂ ᠤᠯᠤᠰ ᠤᠨ ᠰᠦᠯᠳᠡ ᠳᠠᠭᠤᠤ ᠶᠢ ᠦᠯᠦ ᠬᠦᠨᠳᠦᠳᠬᠡᠭᠰᠡᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠃    ᠤᠯᠤᠰ ᠤᠨ ᠰᠦᠯᠳᠡ ᠳᠠᠭᠤᠤ ᠶᠢ ᠲᠠᠸᠠᠷ ᠤᠨ ᠲᠡᠮᠳᠡᠭ᠂ ᠬᠤᠳᠠᠯᠳᠤᠭᠠᠨ ᠤ ᠵᠠᠷ ᠲᠤ ᠬᠡᠷᠡᠭᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠵᠦ ᠪᠣᠯᠬᠤ ᠦᠭᠡᠢ᠂ ᠬᠤᠪᠢ ᠬᠦᠮᠦᠨ ᠤ ᠪᠡᠯᠪᠡᠰᠦᠷᠡᠯ ᠤᠨ ᠠᠵᠢᠯᠯᠠᠭ᠎ᠠ ᠵᠡᠷᠭᠡ ᠳᠣᠬᠢᠷᠠᠮᠵᠢ ᠦᠭᠡᠢ ᠲᠠᠯᠠᠪᠤᠷ ᠲᠤ ᠬᠡᠷᠡᠭᠯᠡᠵᠦ ᠪᠣᠯᠬᠤ ᠦᠭᠡᠢ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠠᠷᠤ ᠦᠵᠡᠭᠳᠡᠯ ᠤᠨ ᠬᠦᠭᠵᠢᠮ ᠵᠡᠷᠭᠡ ᠪᠠᠷ ᠵᠠᠷᠤᠵᠤ ᠪᠣᠯᠬᠤ ᠦᠭᠡᠢ᠃        
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号