ᠬᠦᠨᠳᠦ ᠡᠪᠡᠳᠴᠢᠨ ᠤ ᠳᠠᠭᠠᠳᠬᠠᠯ ᠢ ᠲᠤᠰᠬᠠᠶᠢᠯᠠᠨ ᠠᠪᠬᠤ ᠴᠢᠬᠤᠯᠠ ᠦᠭᠡᠢ᠂ ᠨᠢᠷᠠᠢ ᠬᠡᠦᠬᠡᠳ ᠢ ︽ᠲᠥᠷᠥᠮᠡᠭᠴᠡ ᠳᠠᠭᠠᠳᠬᠠᠯ ᠲᠠᠢ ᠪᠣᠯᠭᠠᠨ᠎ᠠ︾ ᠁ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠰᠢᠨ᠎ᠡ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/9/13
    ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 9 ᠳ᠋ᠦ᠋ᠭᠡᠷ ᠰᠠᠷ᠎ᠠ ᠶᠢᠨ 10 ᠤ ᠡᠳᠦᠷ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠰᠢᠷᠢᠰ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃ ᠬᠠᠮᠲᠤ ᠳᠤ ᠪᠠᠨ ᠣᠶᠢᠯᠠᠭᠠᠵᠤ ᠠᠪᠤᠶ᠎ᠠ︕    ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠪᠠᠯ ᠬᠦᠨᠳᠦ ᠡᠪᠡᠳᠴᠢᠨ ᠤ ᠳᠠᠭᠠᠳᠬᠠᠯ ᠢ ᠲᠤᠰᠬᠠᠶᠢᠯᠠᠨ ᠠᠪᠬᠤ ᠴᠢᠬᠤᠯᠠ ᠦᠭᠡᠢ    ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠨᠢ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢ ᠬᠠᠮᠤᠷᠤᠨ᠎ᠠ᠄    ᠨᠢᠭᠡᠳᠦᠭᠡᠷ ᠲᠤ ᠤᠯᠠᠨ ᠤ ᠰᠠᠶᠢᠨ ᠮᠡᠳᠡᠳᠡᠭ ᠠᠵᠢᠯᠳᠠᠨ ᠠᠵᠢᠯᠴᠢᠨ ᠤ ᠡᠮᠴᠢᠯᠡᠭᠡᠨ ᠤ ᠳᠠᠭᠠᠳᠬᠠᠯ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠣᠯᠤᠨ᠎ᠠ᠂ ᠡᠨᠡ ᠨᠢ ᠪᠢᠳᠡᠨ ᠤ ᠶᠠᠷᠢᠭᠠᠳ ᠪᠠᠶᠢᠳᠠᠭ ᠦᠨᠳᠦᠰᠦᠨ ᠡᠮᠴᠢᠯᠡᠭᠡᠨ ᠤ ᠳᠠᠭᠠᠳᠬᠠᠯ ᠪᠣᠯᠣᠨ᠎ᠠ᠃    ᠬᠤᠶᠠᠳᠤᠭᠠᠷ ᠲᠤ ᠬᠦᠴᠢᠷᠳᠡᠯᠲᠡᠶ ᠣᠯᠠᠨ ᠲᠦᠮᠡᠨ ᠳᠤ ᠡᠮᠴᠢᠯᠡᠭᠡᠨ ᠤ ᠲᠤᠰᠠᠯᠠᠮᠵᠢ ᠬᠦᠷᠲᠡᠭᠡᠨ᠎ᠡ᠂  ᠪᠢᠳᠡ  2023  ᠣᠨ  ᠳᠤ  8020  ᠲᠦᠮᠡᠨ ᠬᠦᠴᠢᠷᠳᠡᠯᠲᠡᠶ ᠣᠯᠠᠨ ᠲᠦᠮᠡᠨ  ᠳᠤ  ᠳᠠᠭᠠᠳᠬᠠᠯ  ᠳᠤ  ᠣᠷᠣᠭᠤᠯᠵᠤ  ᠲᠤᠰᠠᠯᠠᠪᠠ᠂ ᠣᠯᠠᠨ ᠤ ᠦᠷᠭᠦᠯᠵᠢ ᠠᠩᠬᠠᠷᠳᠠᠭ ᠵᠦᠢᠯ ᠪᠣᠯ ᠲᠡᠳᠡᠭᠡᠷ ᠣᠨᠴᠠ ᠬᠦᠴᠢᠷᠳᠡᠯᠲᠡᠶ ᠬᠥᠮᠦᠰ ᠪᠤᠶᠤ ᠣᠷᠣᠯᠭ᠎ᠠ ᠥᠬᠡᠶ ᠡᠪᠡᠳᠴᠢᠲᠡᠨ᠂ ᠬᠦᠨᠳᠦ ᠡᠪᠡᠳᠴᠢᠲᠡᠨ ᠢ ᠬᠡᠷᠬᠢᠨ ᠳᠠᠭᠠᠳᠬᠠᠯ ᠳᠤ ᠣᠷᠣᠭᠤᠯᠬᠤ ᠪᠣᠶ ᠭᠡᠰᠡᠨ ᠶᠠᠪᠤᠳᠠᠯ ᠪᠣᠯᠣᠨ᠎ᠠ᠃ ᠤᠯᠤᠰ ᠠᠴᠠ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠬᠤ ᠠᠰᠠᠭᠤᠳᠠᠯ ᠢ ᠮᠠᠰᠢ ᠬᠠᠯᠠᠮᠵᠢᠯᠠᠵᠤ ᠪᠣᠢ᠂ ᠪᠢᠳᠡ ᠬᠦᠴᠢᠷᠳᠡᠯᠲᠡᠢ ᠣᠯᠠᠨ ᠲᠦᠮᠡᠨ ᠳᠤ ᠪᠦᠬᠦ ᠲᠣᠭᠠᠨ ᠤ ᠪᠤᠶᠤ ᠬᠡᠰᠡᠭ ᠪᠡᠯᠡ ᠮᠥᠩᠭᠦ ᠪᠠᠷ ᠲᠤᠰᠠᠯᠠᠵᠤ ᠪᠠᠶᠢᠭᠠᠳ᠂ ᠲᠡᠳᠡᠨ ᠤ ᠳᠠᠭᠠᠳᠬᠠᠯ ᠳᠤ ᠣᠷᠣᠬᠤ ᠶᠢ ᠨᠢ ᠳᠡᠮᠵᠢᠨ᠎ᠡ᠃    ᠭᠤᠷᠪᠠᠳᠤᠭᠠᠷ ᠲᠤ ᠬᠦᠨᠳᠦ ᠡᠪᠡᠳᠴᠢᠨ ᠤ ᠳᠠᠭᠠᠳᠬᠠᠯ ᠪᠣᠯᠣᠨ᠎ᠠ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠭᠰᠠᠳ ᠬᠦᠨᠳᠦ ᠡᠪᠡᠳᠴᠢᠨ ᠤ ᠳᠠᠭᠠᠳᠬᠠᠯ ᠢ ᠲᠤᠰᠬᠠᠶᠢᠯᠠᠨ ᠠᠪᠬᠤ ᠴᠢᠬᠤᠯᠠ ᠦᠭᠡᠢ᠃ ᠡᠨᠡ ᠪᠣᠯ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠣᠷᠣ ᠲᠥᠯᠥᠪ ᠲᠠᠬᠢ ᠳᠠᠭᠠᠯᠳᠤᠭᠰᠠᠨ ᠬᠤᠶᠠᠳᠠᠬᠢ ᠳᠠᠪᠬᠤᠴᠠᠯ ᠪᠠᠲᠤᠯᠠᠭ᠎ᠠ ᠮᠥᠨ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠭᠰᠠᠨ ᠪᠠᠶᠢᠪᠠᠯ ᠠᠶᠠᠨᠳᠠᠭᠠᠨ ᠬᠦᠨᠳᠦ ᠡᠪᠡᠳᠴᠢᠨ ᠤ ᠳᠠᠭᠠᠳᠬᠠᠯ ᠤᠨ ᠬᠢᠷᠢ ᠬᠡᠮ ᠲᠠᠢ ᠪᠣᠯᠴᠢᠬᠠᠨ᠎ᠠ᠃ ᠵᠠᠷᠢᠮ ᠦᠶ᠎ᠡ ᠳᠤ ᠣᠯᠠᠨ ᠢᠶᠠᠷ ᠢᠶᠠᠨ ᠶᠠᠭᠠᠬᠢᠭᠠᠳ ᠮᠡᠳᠡᠳᠡᠭ ᠦᠭᠡᠢ ᠪᠤᠢ ᠭᠡᠪᠡᠯ᠂ ᠪᠢᠳᠡ ᠣᠳᠣ ︽ᠨᠢᠭᠡ ᠥᠷᠲᠡᠭᠡ ᠪᠠᠷ ᠲᠣᠭᠠᠴᠠᠭ᠎ᠠ ᠬᠢᠬᠦ︾ ᠶᠢ ᠬᠡᠷᠡᠭᠵᠢᠭᠦᠯᠦᠭᠰᠡᠨ ᠠᠴᠠ ᠪᠣᠯᠤᠭᠰᠠᠨ ᠶᠤᠮ᠃ ᠬᠡᠷᠪᠡ ᠳᠠᠭᠠᠳᠬᠠᠯ ᠳᠤ ᠣᠷᠣᠭᠰᠠᠳ ᠡᠮᠴᠢᠯᠡᠭᠦᠯᠬᠦ᠂ ᠢᠯᠠᠩᠭᠤᠶ᠎ᠠ ᠡᠮᠨᠡᠯᠭᠡ ᠳᠤ ᠰᠠᠭᠤᠵᠤ ᠡᠮᠴᠢᠯᠡᠭᠦᠯᠬᠦ ᠶᠠᠪᠤᠴᠠ ᠳᠤ᠂ ᠬᠤᠪᠢ ᠬᠥᠮᠦᠨ ᠤ ᠵᠠᠷᠤᠴᠠᠭᠤᠯᠤᠭᠰᠠᠨ ᠵᠠᠷᠤᠳᠠᠯ ᠨᠢ ᠵᠣᠬᠢᠬᠤ ᠲᠤᠭ᠎ᠠ ᠠᠴᠠ ᠬᠡᠲᠦᠷᠡᠪᠡᠯ ᠬᠦᠨᠳᠦ ᠡᠪᠡᠳᠴᠢᠨ ᠤ ᠳᠠᠭᠠᠳᠬᠠᠯ ᠨᠢ ᠠᠶᠠᠨᠳᠠᠭᠠᠨ ᠲᠣᠭᠠᠴᠠᠭᠠᠯᠠᠵᠤ ᠡᠬᠢᠯᠡᠭᠡᠳ᠂ ᠣᠯᠠᠨ ᠢ ᠬᠠᠪᠰᠤᠷᠤᠨ ᠬᠤᠪᠢ ᠬᠥᠮᠦᠨ ᠤ ᠥᠪᠡᠷ ᠢᠶᠠᠨ ᠲᠤᠰᠢᠶᠠᠬᠤ ᠵᠠᠷᠤᠳᠠᠯ ᠢ ᠨᠢ ᠨᠡᠩ ᠠᠷᠪᠢᠯᠠᠵᠤ ᠥᠭᠬᠦ ᠪᠣᠯᠤᠨ᠎ᠠ᠃ ᠵᠠᠷᠢᠮ ᠦᠶ᠎ᠡ ᠳᠤ ᠪᠢᠳᠡ ᠡᠮᠨᠡᠯᠭᠡ ᠶᠢᠨ ᠬᠤᠷᠢᠶᠠᠨ ᠳᠤ ᠡᠮᠴᠢᠯᠡᠭᠦᠯᠦᠭᠡᠳ ᠭᠠᠷᠬᠤ ᠳᠤ ᠪᠠᠨ ᠲᠣᠭᠠᠴᠠᠭ᠎ᠠ ᠬᠢᠭᠰᠡᠨ ᠳᠠᠩᠰᠠ ᠶᠢ ᠨᠠᠷᠢᠨ ᠠᠵᠢᠭᠯᠠᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠥᠯᠥᠪᠦᠷᠢ ᠶᠢᠨ ᠬᠦᠰᠦᠨᠦᠭ ᠠᠴᠠ ᠲᠡᠭᠦᠨ ᠢ ᠣᠯᠵᠤ ᠬᠠᠷᠠᠬᠤ ᠪᠣᠯᠣᠨ᠎ᠠ᠃    ᠨᠢᠷᠠᠢ ᠬᠡᠦᠬᠡᠳ ᠢ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠰᠦᠯᠵᠢᠶᠡᠨ ᠳᠡᠭᠡᠷ᠎ᠡ ᠳᠠᠭᠠᠳᠬᠠᠯ ᠳᠤ ᠣᠷᠣᠭᠤᠯᠵᠤ ᠪᠣᠯᠣᠨ᠎ᠠ    ᠨᠢᠷᠠᠢ ᠬᠡᠦᠬᠡᠳ ᠢ ︽ᠡᠷᠦᠬᠡ ᠠᠮᠠ ᠶᠢᠨ ᠳᠠᠩᠰᠠᠨ ᠳᠤ ᠣᠷᠣᠭᠤᠯᠪᠠᠯ ᠰᠠᠶ᠋ᠢ ᠳᠠᠭᠠᠳᠭᠠᠯ ᠲᠠᠢ ᠪᠣᠯᠭᠠᠵᠤ ᠪᠣᠯᠬᠤ ︾ ᠪᠠᠶᠢᠭᠰᠠᠨ ᠢᠶᠠᠨ ︽ᠲᠥᠷᠥᠮᠡᠭᠴᠡ ᠳᠠᠭᠠᠳᠬᠠᠯ ᠲᠠᠢ ᠪᠣᠯᠭᠠᠬᠤ︾ ᠪᠣᠯᠭᠠᠨ ᠬᠤᠪᠢᠷᠠᠭᠤᠯᠪᠠ᠃ ᠤᠤᠯ ᠨᠢ ᠨᠢᠷᠠᠢ ᠬᠡᠤᠬᠡᠳ ᠢ ᠡᠷᠬᠡᠪᠰᠢ ᠤᠷᠢᠳ ᠢᠶᠠᠷ ᠡᠷᠦᠬᠡ ᠠᠮᠠ ᠶᠢᠨ ᠳᠠᠩᠰᠠᠨ ᠳᠤ ᠣᠷᠣᠭᠤᠯᠤᠭᠠᠳ ᠰᠠᠶ᠋ᠢ ᠳᠠᠭᠠᠳᠬᠠᠯ ᠲᠠᠢ ᠪᠣᠯᠭᠠᠬᠤ ᠭᠠᠷ ᠭᠦᠢᠴᠡᠳᠬᠡᠯ ᠬᠢᠵᠦ᠂ ᠡᠮᠴᠢᠯᠡᠭᠡᠨ ᠤ ᠵᠠᠷᠤᠳᠠᠯ ᠢ ᠨᠢ ᠤᠷᠢᠳ ᠢᠶᠠᠷ ᠣᠷᠣᠯᠠᠨ ᠲᠥᠯᠥᠵᠦ᠂ ᠡᠷᠦᠬᠡ ᠠᠮᠠ ᠶᠢᠨ ᠳᠠᠩᠰᠠᠨ ᠳᠤ ᠣᠷᠣᠭᠤᠯᠵᠤ ᠳᠠᠭᠠᠳᠬᠠᠯ ᠲᠠᠢ ᠪᠣᠯᠭᠠᠪᠠᠯ ᠰᠠᠶ᠋ᠢ ᠡᠮᠴᠢᠯᠡᠭᠡᠨ ᠤ ᠳᠠᠭᠠᠳᠬᠠᠯ ᠤᠨ ᠴᠣᠩᠬᠤᠪᠴᠢ ᠪᠠᠷ ᠲᠠᠩᠰᠠ ᠲᠠᠶᠢᠯᠳᠠᠭ ᠪᠠᠶᠢᠪᠠ᠃ ᠣᠳᠣ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠪᠠᠷ ᠳᠠᠮᠵᠢᠭᠤᠯᠤᠨ᠂ ᠨᠢᠷᠠᠶ ᠬᠡᠤᠬᠡᠳ ᠢ ᠲᠥᠷᠥᠭᠰᠡᠨ ᠤ ᠠᠨᠠᠭᠠᠬᠤ ᠶᠢᠨ ᠭᠡᠷᠡᠴᠢᠯᠡᠯ ᠢᠶᠠᠷ ᠨᠢ ᠰᠦᠯᠵᠢᠶᠡᠨ ᠳᠡᠭᠡᠷ᠎ᠡ ᠳᠠᠭᠠᠳᠬᠠᠯ ᠲᠠᠢ ᠪᠣᠯᠭᠠᠵᠤ᠂ ᠳᠠᠭᠠᠳᠬᠠᠯ ᠲᠠᠢ ᠪᠣᠯᠵᠤ ᠰᠦᠢᠳᠬᠡᠯ ᠲᠤᠰᠢᠶᠠᠬᠤ ᠳᠤᠮᠳᠠᠴᠢ ᠴᠠᠭ ᠨᠢ ᠵᠢᠯ ᠤᠨ ᠡᠬᠢᠨ ᠤ 28.7 ᠠᠵᠢᠯᠯᠠᠬᠤ ᠡᠳᠦᠷ ᠪᠠᠶᠢᠭᠰᠠᠨ ᠠᠴᠠ 6.4 ᠠᠵᠢᠯᠯᠠᠬᠤ ᠡᠳᠦᠷ ᠪᠣᠯᠲᠠᠯ᠎ᠠ ᠪᠠᠭᠠᠰᠪᠠ᠃ ᠨᠢᠷᠠᠢ ᠬᠡᠦᠬᠡᠳ ᠢ ᠡᠮᠨᠡᠯᠭᠡ ᠶᠢᠨ ᠬᠤᠷᠢᠶᠠᠨ ᠠᠴᠠ ᠭᠠᠷᠭᠠᠭᠰᠠᠨ ᠤ ᠳᠠᠷᠠᠭ᠎ᠠ ᠡᠮᠴᠢᠯᠡᠭᠡᠨ ᠤ ᠵᠠᠷᠤᠳᠠᠯ ᠢ ᠨᠢ ᠰᠢᠭᠤᠳ ᠳᠠᠩᠰᠠᠨ ᠠᠴᠠ ᠲᠠᠶᠢᠯᠬᠤ ᠪᠣᠯᠪᠠ᠃    ᠳᠠᠷᠠᠭ᠎ᠠ ᠵᠢᠯ ᠠᠴᠠ ᠡᠬᠢᠯᠡᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠ ᠶᠢ ᠮᠤᠵᠢ ᠠᠯᠤᠰᠯᠠᠵᠤ ᠬᠠᠮᠵᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠤᠨ᠎ᠠ    ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠡᠴᠢᠭᠡ ᠡᠬᠡ᠂ ᠦᠷ᠎ᠡ ᠬᠡᠤᠬᠡᠳ᠂ ᠬᠠᠨᠢ ᠨᠥᠬᠦᠷ ᠵᠢᠴᠢ ᠪᠤᠰᠤᠳ ᠲᠥᠷᠥᠯ ᠰᠠᠳᠤᠨ ᠢᠶᠠᠨ ᠬᠤᠯᠪᠣᠨ ᠳᠠᠩᠰᠠᠯᠠᠬᠤ ᠶᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠴᠢᠬᠡᠪᠡᠯ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢ ᠬᠠᠮᠲᠤ ᠪᠠᠷ ᠬᠡᠷᠡᠭᠯᠡᠵᠦ ᠪᠣᠯᠤᠨ᠎ᠠ᠃ ᠣᠳᠣᠬᠠᠨ ᠳᠤ᠂ ᠡᠯ᠎ᠡ ᠭᠠᠵᠠᠷ ᠤᠨ ᠬᠢᠨ ᠶᠠᠭ ᠡᠨᠡ ᠬᠦ ᠠᠵᠢᠯ ᠢ ᠰᠢᠮᠳᠠᠭᠤᠯᠤᠨ ᠠᠬᠢᠭᠤᠯᠵᠤ ᠪᠣᠢ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠤ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠵᠣᠭᠤᠰ ᠤᠨ ᠲᠤᠭ᠎ᠠ 227 ᠳ᠋ᠦᠩᠰᠢᠭᠤᠷ ᠲᠥᠭᠦᠷᠢᠭ ᠲᠤ ᠬᠦᠷᠴᠡᠶ᠃ ᠵᠢᠱᠢᠯᠲᠡ ᠪᠠᠷ ᠡᠨᠡ ᠵᠢᠯ ᠤᠨ ᠰᠡᠭᠦᠯᠴᠢ ᠪᠣᠯᠬᠤ ᠳᠤ᠂ ᠡᠯ᠎ᠡ ᠭᠠᠵᠠᠷ ᠤᠨ ᠬᠢᠨ ᠤ ᠬᠤᠪᠢ ᠬᠥᠮᠥᠨ ᠤ ᠳᠠᠩᠰᠠ ᠪᠠᠨ ᠮᠤᠵᠢ ᠶᠢᠨ ᠳᠣᠲᠣᠭᠠᠳᠤ ᠳᠤ ᠬᠠᠷᠢᠯᠴᠠᠨ ᠲᠤᠰᠠᠯᠠᠯᠴᠠᠬᠤ ᠪᠣᠯᠭᠠᠨ᠎ᠠ᠂ ᠢᠷᠡᠬᠦ ᠵᠢᠯ ᠠᠴᠠ ᠡᠬᠢᠯᠡᠨ ᠮᠤᠵᠢ ᠠᠯᠤᠰᠯᠠᠵᠤ ᠬᠠᠷᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠤᠨ᠎ᠠ᠃    ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠡᠭᠦᠳᠡᠨ ᠡᠮᠨᠡᠯᠭᠡ ᠪᠠᠷ ᠡᠮᠴᠢᠯᠡᠭᠦᠯᠬᠦ ᠤᠳᠠᠭᠠᠨ ᠴᠢᠨᠠᠷᠲᠠᠢ ᠪᠠ ᠣᠨᠴᠠᠭᠠᠢ ᠡᠪᠡᠳᠴᠢᠨ ᠢ 5 ᠲᠥᠷᠥᠯ ᠪᠠᠶᠢᠭᠰᠠᠨ ᠠᠴᠠ 10 ᠲᠥᠷᠥᠯ ᠪᠣᠯᠭᠠᠨ ᠨᠡᠮᠡᠭᠳᠡᠭᠦᠯᠪᠡ    ᠡᠨᠡ ᠪᠣᠯ ᠠᠳᠠᠯᠢ ᠪᠤᠰᠤ ᠭᠠᠵᠠᠷ ᠣᠷᠣᠨ ᠤ ᠡᠪᠡᠳᠴᠢᠨ ᠤᠨ ᠲᠥᠷᠥᠯ ᠤᠨ ᠵᠥᠷᠢᠶ᠎ᠡ ᠶᠢ ᠪᠣᠳᠣᠯᠬᠢᠯᠠᠵᠤ᠂ ᠣᠯᠠᠨ ᠲᠦᠮᠡᠨ ᠤ ᠣᠨᠳᠣᠤ ᠭᠠᠵᠠᠷ ᠲᠤ ᠡᠮᠴᠢᠯᠡᠭᠦᠯᠬᠦ ᠳᠤ ᠨᠠᠩ ᠳᠥᠭᠦᠮᠯᠡᠬᠦ ᠶᠢᠨ ᠲᠥᠯᠥᠭᠡ᠂ ᠪᠢᠳᠡ ᠤᠤᠯ ᠤᠨ 5 ᠲᠥᠷᠥᠯ ᠤᠨ ᠡᠪᠡᠳᠴᠢᠨ ᠪᠠᠶᠢᠭᠰᠠᠨ ᠤ ᠰᠠᠭᠤᠷᠢᠨ ᠳᠡᠭᠡᠷ᠎ᠡ ᠠᠷᠬᠠᠭ ᠪᠠ ᠪᠥᠭᠯᠡᠷᠡᠬᠦ ᠴᠢᠨᠠᠷᠲᠠᠶ ᠠᠭᠤᠰᠬᠢᠨ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠵᠢᠷᠦᠬᠡᠨ ᠲᠢᠳᠢᠮ ᠤᠨ ᠡᠪᠡᠳᠴᠢᠨ᠂ ᠬᠡᠷᠡᠬᠦ ᠴᠢᠨᠠᠷᠲᠠᠶ ᠦᠶ᠎ᠡ ᠭᠡᠰᠢᠭᠦᠦ ᠶᠢᠨ ᠦᠷᠪᠢᠰᠦᠯ ᠪᠠ ᠬᠥᠰᠢᠭᠦᠨ ᠴᠢᠨᠠᠷᠲᠠᠶ ᠰᠡᠭᠡᠷ ᠨᠢᠷᠤᠭᠤᠨ ᠤ ᠦᠷᠪᠢᠰᠦᠯ ᠵᠡᠷᠭᠡ 5 ᠲᠥᠷᠥᠯ ᠤᠨ ᠡᠪᠡᠳᠴᠢᠨ ᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠡᠨᠡ ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠤᠯᠤᠰ ᠤᠨ ᠲᠣᠭᠤᠷᠢᠭ ᠰᠢᠶᠠᠨ ᠨᠢᠭᠡᠪᠦᠷᠢ ᠳᠤ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠲᠥᠷᠥᠯ ᠢ ᠮᠤᠵᠢ ᠠᠯᠤᠰᠯᠠᠨ ᠰᠢᠭᠤᠳ ᠳ᠋ᠦᠩᠨᠡᠨ ᠪᠣᠳᠣᠵᠤ ᠴᠢᠳᠠᠬᠤ ᠡᠮᠴᠢᠯᠡᠭᠡᠨ ᠤ ᠪᠠᠶᠢᠭᠤᠯᠤᠮᠵᠢ ᠶᠢ ᠨᠢᠭᠡ ᠪᠠᠶᠢᠯᠭᠠᠬᠤ ᠪᠠᠷ ᠲᠥᠯᠥᠪᠯᠡᠵᠦ ᠪᠠᠶᠢᠨ᠎ᠠ᠃    ᠵᠣᠬᠢᠶᠠᠮᠠᠯ ᠴᠢᠬᠢᠨ ᠳᠤᠩ ᠵᠡᠷᠭᠡ ᠥᠨᠳᠥᠷ ᠥᠷᠲᠡᠭᠲᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠬᠡᠪᠴᠢᠶᠡᠨ ᠳᠤ ᠣᠷᠣᠭᠤᠯᠤᠨ᠎ᠠ    ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠵᠤ ᠠᠪᠬᠤ ᠬᠡᠪᠴᠢᠶ᠎ᠡ ᠶᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠬᠦᠴᠦᠲᠡᠢ ᠠᠬᠢᠭᠤᠯᠤᠨ᠎ᠠ᠃ ᠲᠥᠪᠯᠡᠷᠡᠭᠦᠯᠦᠨ ᠬᠤᠳᠠᠯᠳᠤᠵᠤ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠰᠢᠨ᠎ᠡ ᠪᠦᠯᠦᠭ ᠤᠳᠠᠭ᠎ᠠ ᠶᠢᠨ ᠤᠯᠤᠰ ᠠᠴᠠ ᠵᠣᠬᠢᠶᠠᠨ ᠪᠠᠶᠢᠭᠤᠯᠵᠤ ᠦᠢᠯᠡᠳᠦᠭᠰᠡᠨ ᠡᠮ ᠤᠨ ᠵᠦᠢᠯ ᠪᠠ ᠥᠨᠳᠥᠷ ᠥᠷᠲᠡᠭᠲᠦ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠶᠢ ᠵᠣᠬᠢᠶᠠᠨ ᠪᠠᠶᠢᠭᠤᠯᠤᠨ᠎ᠠ᠂ ᠪᠢᠳᠡ ᠵᠣᠬᠢᠶᠠᠮᠠᠯ ᠴᠢᠬᠢᠨ ᠳᠣᠩ ᠵᠡᠷᠭᠡ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠬᠡᠪᠴᠢᠶᠡᠨ ᠳᠤ ᠣᠷᠣᠭᠤᠯᠤᠨ᠎ᠠ᠃ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠨ᠂ ᠣᠷᠣᠨ ᠨᠤᠲᠤᠭ ᠢ ᠭᠤᠤᠯᠳᠠᠯᠭ᠎ᠠ ᠲᠠᠢ ᠵᠢᠭᠠᠨ ᠵᠢᠯᠣᠭᠤᠳᠴᠤ ᠪᠠᠶᠢᠭᠠᠳ ᠬᠢᠲᠠᠳ ᠨᠠᠶᠢᠷᠠᠯᠭ᠎ᠠ ᠶᠢᠨ ᠡᠮ᠂ ᠬᠢᠲᠠᠳ ᠡᠮ ᠤᠨ ᠴᠢᠨᠠᠬᠤ ᠡᠮ ᠪᠠ ᠪᠡᠶ᠎ᠡ ᠶᠢᠨ ᠭᠠᠳᠠᠷ ᠲᠠᠯ᠎ᠠ ᠶᠢᠨ ᠣᠨᠣᠰᠢᠯᠠᠯᠲᠠ ᠶᠢᠨ ᠲᠤᠷᠰᠢᠬᠤ ᠡᠮ ᠵᠡᠷᠭᠡ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠯᠪᠣᠭᠠᠯᠠᠵᠤ ᠲᠥᠪᠯᠡᠷᠡᠭᠦᠯᠦᠨ ᠬᠤᠳᠠᠯᠳᠤᠵᠤ ᠠᠪᠬᠤ ᠶᠢ ᠠᠬᠢᠭᠤᠯᠤᠨ᠎ᠠ᠃ ᠦᠷᠭᠦᠯᠵᠢᠯᠡᠨ ᠬᠤᠳᠠᠯᠳᠤᠵᠤ ᠬᠤᠳᠠᠯᠳᠤᠨ ᠠᠪᠬᠤ ᠶᠢ ᠲᠣᠭᠲᠠᠭᠤᠨ ᠢᠶᠠᠷ ᠠᠬᠢᠭᠤᠯᠵᠤ᠂ ᠲᠥᠪᠯᠡᠷᠡᠭᠦᠯᠦᠨ ᠬᠤᠳᠠᠯᠳᠤᠵᠤ ᠠᠪᠬᠤ ᠶᠢ ᠬᠡᠷᠡᠭᠵᠢᠭᠦᠯᠬᠦ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠬᠠᠮᠲᠤᠷᠠᠵᠤ ᠰᠣᠩᠭᠤᠭᠳᠠᠭᠰᠠᠨ ᠪᠦᠲᠦᠭᠡᠭᠳᠡᠬᠦᠨ ᠤ ᠬᠡᠷᠡᠭᠯᠡᠯᠲᠡ᠂ ᠬᠠᠩᠭᠠᠯᠭ᠎ᠠ᠂ ᠬᠢᠨᠠᠨ ᠰᠢᠨᠵᠢᠯᠲᠡ ᠵᠡᠷᠭᠡ ᠭᠤᠭᠴᠣᠭᠠᠨ ᠳᠠᠬᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠰᠣᠩᠭᠤᠭᠳᠠᠭᠰᠠᠨ ᠪᠦᠲᠦᠭᠡᠭᠳᠡᠬᠦᠨ ᠢ ᠴᠠᠭ ᠲᠤᠬᠠᠶ ᠳᠤ ᠨᠢ ᠡᠮᠨᠡᠯᠭᠡ ᠶᠢᠨ ᠬᠤᠷᠢᠶᠠᠨ ᠳᠤ ᠣᠷᠣᠭᠤᠯᠬᠤ ᠪᠠ ᠤᠷᠢᠳ ᠢᠶᠠᠷ ᠬᠡᠷᠡᠭᠯᠡᠬᠦ ᠶᠢ ᠰᠢᠮᠳᠠᠭᠤᠯᠬᠤ ᠶᠢᠨ ᠬᠠᠮᠲᠤ᠂ ᠪᠢᠳᠡ ᠪᠠᠰᠠ ᠠᠷᠭ᠎ᠠ ᠬᠡᠮᠵᠢᠶ᠎ᠡ ᠠᠪᠴᠤ ᠪᠠᠶᠢᠭᠠᠳ ᠰᠣᠩᠭᠤᠭᠳᠠᠭᠰᠠᠨ ᠠᠵᠤ ᠠᠬᠤᠶᠢᠯᠠᠯ ᠤᠨ ᠶᠠᠰᠤ ᠴᠢᠨᠠᠷ ᠤᠨ ᠪᠠᠲᠤᠯᠠᠭ᠎ᠠ ᠪᠠ ᠬᠠᠩᠭᠠᠯᠭ᠎ᠠ ᠶᠢᠨ ᠬᠠᠷᠢᠭᠤᠴᠠᠯᠭ᠎ᠠ ᠶᠢ ᠨᠢ ᠪᠣᠳᠠᠲᠠᠶᠢᠵᠢᠭᠤᠯᠤᠨ᠎ᠠ᠃    ᠬᠥᠩᠭᠡᠵᠢᠯ ᠤᠨ ᠨᠡᠮᠡᠯᠭᠡ ︵ᠬᠥᠩᠭᠡᠵᠢᠯ ᠤᠨ ᠠᠮᠠᠷᠠᠯᠲᠠ ᠶᠢᠨ ᠴᠠᠯᠢᠩ︶ ᠶᠢ ᠡᠮᠡᠭᠲᠡᠢ ᠠᠵᠢᠯᠲᠠᠨ ᠠᠵᠢᠯᠴᠢᠨ ᠳᠤ ᠰᠢᠭᠤᠳ ᠨᠡᠩ ᠣᠯᠠᠨ ᠣᠯᠭᠤᠬᠤ ᠶᠢ ᠰᠦᠪᠡᠭᠴᠢᠯᠡᠨ ᠠᠬᠢᠭᠤᠯᠤᠨ᠎ᠠ    ᠬᠥᠩᠭᠡᠵᠢᠯ ᠤᠨ ᠨᠡᠮᠡᠯᠭᠡ ᠨᠢ ᠳᠠᠷᠤᠢ ᠬᠥᠩᠭᠡᠵᠢᠯ ᠤᠨ ᠴᠠᠯᠢᠩ ᠪᠣᠯᠣᠨ᠎ᠠ᠃ ᠬᠥᠩᠭᠡᠵᠢᠯ ᠤᠨ ᠴᠠᠯᠢᠩ ᠢ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠬᠠᠳᠬᠠᠯ︶ ᠣᠯᠭᠤᠳᠠᠭ᠃ ᠪᠢᠳᠡᠨ ᠤ ᠣᠳᠣ ᠶᠢᠨ ᠣᠯᠭᠤᠵᠤ ᠪᠠᠶᠢᠭ᠎ᠠ ᠬᠥᠩᠭᠡᠵᠢᠯ ᠤᠨ ᠴᠠᠯᠢᠩ᠂ ᠥᠭᠡᠷ᠎ᠡ ᠪᠠᠷ ᠬᠡᠯᠡᠪᠡᠯ ᠬᠥᠩᠭᠡᠵᠢᠯ ᠤᠨ ᠨᠡᠮᠡᠯᠭᠡ ᠣᠯᠭᠤᠬᠤ ᠳᠤ ᠬᠤᠶᠠᠷ ᠠᠷᠭ᠎ᠠ ᠪᠣᠢ᠂ ᠨᠢᠭᠡ ᠨᠢ ᠬᠥᠩᠭᠡᠵᠢᠭᠰᠡᠨ ᠡᠮᠡᠭᠲᠡᠶ ᠠᠵᠢᠯᠲᠠᠨ ᠠᠵᠢᠯᠴᠢᠨ ᠳᠤ ᠰᠢᠭᠤᠳ ᠣᠯᠭᠤᠬᠤ᠂ ᠨᠥᠭᠦᠭᠡ ᠨᠢ ᠪᠣᠯ ᠡᠮᠡᠭᠲᠡᠶ ᠠᠵᠢᠯᠲᠠᠨ ᠠᠵᠢᠯᠴᠢᠨ ᠤ ᠪᠠᠶᠢᠭ᠎ᠠ ᠨᠢᠭᠡᠴᠢ ᠳᠤ ᠥᠭᠴᠦ᠂ ᠨᠢᠭᠡᠴᠢ ᠨᠢ ᠠᠵᠢᠯᠲᠠᠨ ᠠᠵᠢᠯᠴᠢᠨ ᠳᠤ ᠣᠯᠭᠤᠬᠤ ᠪᠣᠯᠣᠨ᠎ᠠ᠃ ᠣᠶᠢᠷ᠎ᠠ ᠳᠤ ᠪᠢᠳᠡ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠯᠤᠭ᠎ᠠ ᠨᠡᠪᠲᠡᠷᠡᠯᠴᠡᠵᠦ᠂ ᠲᠡᠳᠡᠨ ᠤ ᠰᠠᠨᠠᠯ ᠢ ᠬᠤᠷᠢᠶᠠᠵᠤ᠂ ᠲᠠᠷᠠᠭᠠᠴᠢ ᠶᠢᠨ ᠠᠯᠬᠤᠮ ᠳᠤ ᠬᠥᠩᠭᠡᠵᠢᠯ ᠤᠨ ᠨᠡᠮᠡᠯᠭᠡ ︵ᠬᠥᠩᠭᠡᠵᠢᠯ ᠤᠨ ᠴᠠᠯᠢᠩ︶ ᠶᠢ ᠡᠮᠡᠭᠲᠡᠶ ᠠᠵᠢᠯᠲᠠᠨ ᠠᠵᠢᠯᠴᠢᠨ ᠳᠤ ᠰᠢᠭᠤᠳ ᠨᠠᠩ ᠣᠯᠠᠨ ᠣᠯᠭᠤᠬᠤ ᠶᠢ ᠰᠦᠪᠡᠭᠴᠢᠯᠡᠨ ᠠᠬᠢᠭᠤᠯᠤᠨ᠎ᠠ᠃ ᠬᠡᠯᠡᠯᠭᠡᠨ ᠦᠭᠡᠢ ᠵᠠᠷᠢᠮ ᠭᠠᠵᠠᠷ ᠣᠷᠣᠨ ᠳᠤ ᠣᠷᠣᠨ ᠨᠤᠲᠤᠭ ᠤᠨ ᠬᠠᠤᠯᠢ ᠲᠣᠭᠲᠠᠭᠠᠯ ᠳᠤ ᠨᠢ ᠠᠵᠤ ᠠᠬᠤᠶᠢᠯᠠᠯ ᠳᠤ ᠥᠭᠴᠦ᠂ ᠠᠵᠤ ᠠᠬᠤᠶᠢᠯᠠᠯ ᠨᠢ ᠠᠵᠢᠯᠲᠠᠨ ᠠᠵᠢᠯᠴᠢᠨ ᠳᠤ ᠣᠯᠭᠤᠬᠤ ᠲᠣᠭᠲᠠᠭᠠᠯ ᠪᠠᠶᠢᠬᠤ ᠶᠢ ᠠᠩᠬᠠᠷᠤᠯ ᠳᠤ ᠪᠠᠨ ᠠᠪᠤᠪᠠ᠂ ᠡᠶᠢᠮᠦ ᠠᠴᠠ ᠪᠢᠳᠡ ᠪᠠᠰᠠ ᠬᠤᠯᠪᠣᠭᠳᠠᠯ ᠪᠦᠬᠦᠢ ᠭᠠᠵᠠᠷ ᠣᠷᠣᠨ ᠤ ᠪᠣᠯᠭᠤᠮᠵᠢᠲᠠᠢ ᠰᠤᠳᠤᠯᠬᠤ ᠶᠢ ᠨᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号