ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/9/19
ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄    ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠨ ᠬᠡᠷ᠂ ᠡᠮ ᠡᠮᠨᠡᠯᠭᠡ ᠶᠢᠨ ᠬᠠᠷᠠᠭᠠᠯᠵᠠᠯ ᠤᠨ ᠪᠠᠲᠤᠯᠠᠭ᠎ᠠ ᠶᠢᠨ ᠲᠠᠰᠤᠭ᠃ᠭᠣᠣᠯ ᠡᠭᠦᠷᠭᠡ ᠬᠠᠷᠢᠭᠤᠴᠠᠯᠭ᠎ᠠ᠄  ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠬᠠᠮᠢᠶ᠎ᠠ ᠪᠦᠬᠦᠢ ᠲᠥᠯᠥᠪᠵᠢᠭᠦᠯᠪᠡ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠶ᠋ᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠥᠬᠦ ᠬᠤᠰᠢᠭᠤᠨ ᠤ ᠡᠮ ᠡᠮᠨᠡᠯᠭᠡ᠂ ᠦᠷᠡᠵᠢᠯ ᠤᠨ ᠳᠠᠭᠠᠳᠬᠠᠯ ᠢ ᠭᠠᠷᠲᠠᠨ ᠭᠦᠶ᠋ᠴᠡᠳᠬᠡᠬᠦ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠲᠡᠰᠦᠯᠦᠨ ᠪᠤᠳᠤᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ ᠪᠠ ᠪᠠᠶᠢᠴᠠᠭᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠳᠣᠭᠢᠷᠠᠭᠤᠯᠬᠤ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠳᠣᠭᠢᠷᠠᠯᠴᠠᠭᠰᠠᠨ ᠣᠯᠭᠤᠮᠵᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃    ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠶ᠋ᠯ ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠶ᠋ᠯᠡᠴᠢᠯᠡᠭᠡ ᠶᠢᠨ ᠲᠥᠷᠥᠯ ᠵᠦᠶ᠋ᠯ᠂ ᠡᠮᠴᠢᠯᠡᠭᠡᠨ ᠤ ᠦᠶ᠋ᠯᠡᠴᠢᠯᠡᠭᠡ ᠶᠢᠨ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠪᠥᠬᠦ ᠠᠶᠢᠮᠠᠭ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠬᠢᠬᠦ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠮ ᠤᠨ ᠵᠦᠶ᠋ᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠦᠶ᠋ᠯᠡᠴᠢᠯᠡᠭᠡᠨ ᠤ ᠲᠥᠷᠥᠯ ᠵᠦᠶ᠋ᠯ᠂ ᠡᠮᠴᠢᠯᠡᠭᠡ ᠶᠢᠨ ᠦᠶ᠋ᠯᠡᠴᠢᠯᠡᠭᠡᠨ ᠤ ᠪᠡᠯᠡᠳᠬᠡᠮᠵᠢ ᠶᠢᠨ ᠰᠦᠶ᠋ᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠡᠮ ᠡᠮᠨᠡᠯᠭᠡ ᠶᠢᠨ ᠦᠶ᠋ᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠶ᠋ᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃    ︵ᠵᠢᠷᠭᠤᠭ᠎ᠠ︶ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠡᠮ ᠤᠨ ᠵᠦᠶ᠋ᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠳᠣᠯᠤᠭ᠎ᠠ︶ ᠡᠮ ᠤᠨ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢ ᠦᠨᠡᠯᠡᠬᠦ ᠰᠢᠰᠲ᠋ᠧᠮᠵᠢ ᠪᠠ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠶ᠋ᠯᠡᠴᠢᠯᠡᠭᠡ ᠶᠢᠨ ᠦᠶ᠋ᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠬᠤ ᠬᠡᠷᠡᠭᠲᠡᠶ᠃ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠰᠢᠯᠭᠠᠨ ᠬᠢᠨᠠᠬᠤ ᠶᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶ᠋ᠳᠪᠦᠷᠢᠯᠡᠨ᠎ᠡ᠃    ᠨᠠᠶ᠋ᠮᠠ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠳᠠᠨ ᠬᠢᠬᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ ᠧᠮᠵᠢ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠣᠳᠣᠬᠤ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃    ︵ᠶᠢᠰᠦ︶ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠶᠢ ᠪᠠᠲᠤᠯᠠᠵᠤ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ︽ᠭᠤᠷᠪᠠ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃    ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠬᠠᠷᠢᠯᠴᠠᠬᠤ ᠤᠲᠠᠰᠤ᠄ 0479 - 6511639    ᠠᠵᠢᠯᠯᠠᠬᠤ ᠴᠠᠭ᠄ 8᠄ 30 ——12᠄ 00                   14᠄ 30——17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠵᠧᠤ ᠶᠠ ᠨᠠᠨ᠃ ᠠᠵᠢᠯᠯᠠᠬᠤ ᠭᠠᠵᠠᠷ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠲᠤ ᠰᠢᠩ ᠵᠡᠭᠡᠯᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号