ᠰ᠊ᠵᠨᠬᠤᠸᠠ ᠬᠤᠷᠢᠶ᠎ᠠ ᠶᠢᠨ ᠭᠠᠨᠰᠤ ᠶᠢᠨ ᠯᠠᠨᠵᠧᠦ / ᠱᠠᠨᠰᠢ ᠶᠢᠨ ᠪᠦᠦ ᠵᠢᠢ ᠶᠢᠨ 9 ᠰᠠᠷ᠎ᠠ ᠶᠢᠨ 13 ᠤ ᠴᠠᠭᠢᠯᠭᠠᠨ | ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ | ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠭᠠᠨᠰᠤ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ | ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠬᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ᠂ ᠥᠭᠡᠷᠡᠴᠢᠯᠡᠯᠲᠡ | ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠭᠠᠨᠰᠤ ᠶᠢ | ᠲᠦᠷᠭᠡᠳᠬᠡᠨ ᠪᠠᠶᠢᠭᠤᠯᠵᠤ᠂ ᠠᠷᠠᠳ ᠢ ᠪᠠᠶᠠᠵᠢᠭᠤᠯᠤᠨ ᠭᠠᠨᠰᠤ ᠪᠠᠨ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠨᠰᠤ ᠶᠢᠨ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ᠃ | | | ᠵᠢᠷᠤᠭ ᠪᠣᠯ 11 ᠤ ᠦᠳᠡ ᠶᠢᠨ ᠡᠮᠦᠨ᠎ᠡ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ | ᠠᠯᠮᠤᠷᠠᠳ ᠤᠨ ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠵᠢᠮᠢᠰ ᠤᠨ ᠤᠢ ᠳᠤ ᠣᠷᠣᠵᠤ᠂ ᠬᠠᠮᠢᠶ᠎ᠠ ᠪᠦᠬᠦᠢ | ᠲᠠᠷᠢᠮᠠᠯ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ᠃ | | | | ᠵᠢᠷᠤᠭ ᠪᠣᠯ 11 ᠤ ᠦᠳᠡ ᠶᠢᠨ ᠬᠤᠶᠢᠨ᠎ᠠ ᠰᠢ ᠶᠢᠨ ᠫᠢᠩ ᠯᠠᠨᠵᠧᠦ ᠬᠤᠳᠠ ᠶᠢᠨ ᠠᠨᠨᠢᠩ ᠲᠣᠭᠤᠷᠢᠭ ᠤᠨ ᠽᠣᠣ ᠯᠢᠨ | ᠰᠢ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠬᠤ᠋ ᠴᠠᠩ ᠱᠧᠩ ᠪᠣᠯᠣᠨ ᠮᠤᠵᠢ ᠶᠢᠨ ᠳᠠᠷᠤᠭ᠎ᠠ ᠷᠧᠨ ᠵᠧᠨ ᠾᠧ ᠶᠢᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠲᠢᠶᠠᠨ ᠱᠦᠢ᠂ ᠯᠠᠨᠵᠧᠦ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠲᠢᠶᠠᠨ ᠱᠦᠢ ᠬᠤᠳᠠ ᠳᠤ ᠪᠦᠭᠦ ᠤᠯᠤᠰ ᠤᠨ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠬᠤ ᠹᠦ᠋ ᠰᠢ ᠰᠦᠮ᠎ᠡ ᠳᠤ | ᠰᠢᠨᠵᠢᠯᠡᠨ ᠪᠠᠶᠢᠴᠠᠭᠠᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠵᠤ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ | ᠲᠡᠷᠡ᠂ ᠹᠦ᠋ ᠰᠢ ᠰᠦᠮ᠎ᠡ ᠨᠢ ᠮᠠᠰᠢ ᠥᠨᠳᠥᠷ ᠲᠡᠦᠬᠡ ᠰᠣᠶᠣᠯ ᠤᠨ ᠦᠨ᠎ᠡ ᠥᠷᠲᠡᠭ ᠲᠠᠢ ᠶᠤᠮ᠂ ᠡᠨᠡ ᠬᠦ ᠬᠤᠪᠣᠷ ᠨᠠᠨᠳᠢᠨ | ᠰᠣᠶᠣᠯ ᠤᠨ ᠥᠪ ᠢ ᠰᠠᠶᠢᠲᠤᠷ ᠬᠠᠮᠠᠭᠠᠯᠠᠨ ᠤᠯᠠᠮᠵᠢᠯᠠᠵᠤ᠂ ᠡᠪᠦᠭᠡ ᠳᠡᠭᠡᠳᠦᠰ ᠤᠨ ᠣᠶᠤᠨ ᠤᠬᠠᠭᠠᠨ ᠪᠣᠯᠣᠨ ᠡᠭᠦᠳᠦᠨ | ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠡᠭᠦᠷᠢᠳᠡ ᠵᠣᠷᠢᠭᠵᠢᠭᠤᠯᠵᠤ᠂ ᠦᠨᠳᠦᠰᠦᠲᠡᠨ ᠤ ᠣᠮᠣᠭᠰᠢᠯᠲᠤ ᠰᠡᠳᠬᠢᠯᠭᠡ | ᠪᠣᠯᠣᠨ ᠢᠲᠡᠭᠡᠯ ᠵᠣᠷᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 11 ᠤ ᠦᠳᠡ ᠶᠢᠨ ᠡᠮᠦᠨ᠎ᠡ᠂ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ | ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠦᠵᠡᠭᠦᠯᠭᠡ ᠶᠢᠨ ᠰᠠᠮᠪᠠᠷ᠎ᠠ ᠶᠢ ᠦᠵᠡᠬᠦ ᠶᠢᠨ ᠳᠠᠭᠠᠤ ᠳᠤᠤ ᠾᠧ | ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ 2013 ᠣᠨ ᠤ ᠡᠬᠢ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠢᠷᠡᠵᠦ ᠰᠢᠨᠵᠢᠯᠡᠨ ᠪᠠᠶᠢᠴᠠᠭᠠᠵᠤ᠂ | ᠪᠠᠷᠢᠯᠭ᠎ᠠ ᠶᠢᠨ ᠬᠦᠴᠢᠷ ᠠᠰᠠᠭᠤᠳᠠᠯ ᠢ ᠵᠢᠭᠠᠨ ᠵᠢᠯᠤᠭᠤᠳᠴᠤ ᠰᠢᠢᠳᠪᠦᠷᠢᠯᠡᠭᠰᠡᠨ ᠪᠠᠶᠢᠳᠠᠯ ᠢᠶᠠᠨ ᠡᠷᠭᠢᠴᠡᠭᠦᠯᠪᠡ᠃ 600 | ᠲᠦᠮᠡ ᠰᠢᠬᠠᠮ ᠤᠯᠠᠨ ᠲᠦᠮᠡᠨ ᠡᠭᠦᠨ ᠠᠴᠠ ᠬᠤᠶᠢᠰᠢ ᠭᠠᠰᠢᠭᠤᠨ ᠱᠣᠷᠪᠣᠭ ᠤᠰᠤ ᠤᠤᠭᠤᠬᠤ ᠦᠭᠡᠢ ᠪᠣᠯᠤᠭᠰᠠᠨ ᠢ | ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠡᠨᠡ ᠬᠦ | ᠢᠨᠵᠧᠨᠧᠷᠢᠩ ᠢᠶᠠᠷ ᠵᠠᠮ ᠳᠠᠭᠠᠤ ᠶᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠨᠡᠩ ᠶᠡᠭᠡ ᠦᠢᠯᠡᠳᠦᠯ | ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠲᠠᠯ᠎ᠠ ᠰᠠᠭᠤᠭᠰᠠᠨ ᠬᠤᠸᠠ ᠨᠢᠦ ᠠᠯᠮᠤᠷᠠᠳ᠂ ᠡᠯᠪᠡᠭ ᠬᠤᠷᠢᠶᠠᠯᠲᠠ ᠶᠢᠨ | ᠦᠵᠡᠮᠵᠢ ᠶᠢ ᠭᠠᠶᠢᠬᠠᠭᠤᠯᠤᠨ᠎ᠠ᠃ ᠰᠢ ᠶᠢᠨ ᠫᠢᠩ ᠵᠢᠮᠢᠰ ᠤᠨ ᠤᠢ ᠳᠤ ᠣᠷᠣᠵᠤ᠂ ᠬᠠᠮᠢᠶ᠎ᠠ ᠪᠦᠬᠦᠢ ᠲᠠᠷᠢᠮᠠᠯ᠂ ᠮᠡᠷᠭᠡᠵᠢᠯ | ᠪᠣᠯᠣᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠃ 70 ᠭᠠᠷᠤᠢ ᠵᠢᠯ ᠪᠤᠶᠢᠵᠢᠭᠤᠯᠤᠨ | ᠬᠥᠭᠵᠢᠭᠦᠯᠬᠦ ᠪᠠᠷ ᠳᠡᠮᠵᠢᠨ ᠬᠤᠸᠠ ᠨᠢᠦ ᠠᠯᠮᠤᠷᠠᠳ ᠤᠨ ᠲᠦᠷᠦᠯ ᠲᠡᠮᠳᠡᠭ ᠶᠠᠪᠤᠬᠤ ᠲᠤᠳᠤᠮ ᠨᠡᠷ᠎ᠡ ᠠᠯᠳᠠᠷᠰᠢᠪᠠ᠃ | ᠡᠭᠦᠯᠳᠡᠷ ᠢ ᠬᠠᠮᠠᠭᠠᠯᠠᠬᠤ ᠪᠠ ᠪᠤᠶᠢᠵᠢᠭᠤᠯᠬᠤ ᠶᠢ ᠴᠢᠩᠭᠠᠳᠬᠠᠵᠤ᠂ ᠲᠠᠷᠢᠮᠠᠯ ᠤᠨ ᠠᠷᠭ᠎ᠠ ᠭᠡᠯᠪᠡᠷᠢ ᠶᠢ ᠰᠢᠯᠢᠳᠡᠭᠵᠢᠭᠦᠯᠦᠨ᠂ | ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠡᠨᠡ ᠬᠦ ᠣᠨᠴᠠᠯᠢᠭᠲᠤ ᠠᠵᠤ ᠦᠢᠯᠡᠰ ᠢ ᠨᠠᠩ | ᠪᠤᠵᠠᠭᠠᠶᠢᠷᠠᠭᠤᠯᠵᠤ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ | ᠭᠡᠵᠡᠢ᠃ ᠲᠡᠷᠡ ᠨᠤᠲᠤᠭ ᠤᠨ ᠠᠬ᠎ᠠ ᠳᠡᠭᠦᠦ ᠨᠠᠷ ᠤᠨ ᠠᠮᠢᠳᠤᠷᠠᠯ ᠠᠯᠮᠤᠷᠠᠳ ᠰᠢᠭ᠋ ᠭᠠᠯ ᠤᠯᠠᠭᠠᠨ ᠥᠭᠡᠳᠡᠷᠬᠡᠭ ᠪᠠᠶᠢᠬᠤ ᠶᠢ | ᠵᠥᠩᠨᠡᠪᠡ᠃ | ᠲᠠᠷᠠᠭ᠎ᠠ ᠨᠢ ᠰᠢ ᠶᠢᠨ ᠫᠢᠩ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠳᠤ ᠬᠦᠷᠴᠦ᠂ ᠬᠥᠭᠦᠷᠭᠡᠨ ᠵᠠᠮ ᠢᠶᠠᠷ | ᠠᠯᠬᠤᠯᠠᠵᠤ 1600 ᠭᠠᠷᠤᠢ ᠵᠢᠯ ᠤᠨ ᠡᠮᠦᠨᠡᠬᠢ ᠠᠭᠤᠢ ᠪᠣᠯᠣᠨ ᠱᠤᠭᠤᠮᠠᠯ᠂ ᠬᠠᠨ᠎ᠠ ᠶᠢᠨ ᠵᠢᠷᠤᠭ ᠢ ᠨᠠᠷᠢᠨ ᠪᠠᠶᠢᠴᠠᠭᠠᠨ | ᠦᠵᠡᠵᠦ᠂ ᠬᠠᠮᠠᠭᠠᠯᠠᠨ ᠰᠡᠷᠭᠦᠭᠡᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠤᠨ | ᠲᠦᠷᠪᠡᠨ ᠶᠡᠭᠡ ᠴᠢᠯᠠᠭᠤᠨ ᠠᠭᠤᠢ ᠪᠣᠯ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ᠂ ᠴᠥᠮ ᠴᠢᠬᠤᠯᠠ | ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ ᠲᠠᠢ ᠶᠤᠮ ᠭᠡᠵᠡᠢ᠃ ᠲᠡᠷᠡ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠵᠢᠯᠲᠠᠳ ᠤᠨ ︽ᠮᠦᠸᠧ ᠭᠤᠤ ᠶᠢᠨ ᠵᠣᠷᠢᠭ ᠰᠠᠨᠠᠭ᠎ᠠ︾ ᠶᠢ ᠦᠷᠭᠦᠯᠵᠢᠯᠡᠨ ᠪᠠᠷᠢᠮᠲᠠᠯᠠᠵᠤ᠂ ᠨᠢᠭᠡ | ᠰᠡᠳᠬᠢᠯ ᠢᠶᠠᠷ ᠤᠯᠤᠰ ᠤᠨ ᠲᠥᠯᠥᠭᠡ ᠦᠨᠡᠲᠦ ᠡᠷᠳᠡᠨᠢᠰ ᠢ ᠬᠠᠮᠠᠭᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠴᠢᠩᠭᠠᠳᠬᠠᠬᠤ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | 11 ᠤ ᠦᠳᠡ ᠶᠢᠨ ᠬᠤᠶᠢᠨ᠎ᠠ᠂ ᠰᠢ ᠶᠢᠨ ᠫᠢᠩ ᠯᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠠᠨᠨᠢᠩ | ᠲᠣᠭᠤᠷᠢᠭ ᠤᠨ ᠽᠣᠣ ᠯᠢᠨ ᠰᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ | ᠲᠥᠪ ᠲᠤ ᠲᠡᠷᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ | ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠭᠡᠷ ᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ | ᠬᠦᠷᠲᠡᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ | ᠨᠠᠶᠢᠳᠠᠪᠤᠷᠢᠵᠢᠭᠤᠯᠵᠤ ᠪᠠᠶᠢᠬᠤ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠲᠠᠯᠠᠪᠠᠢ ᠳᠤ ᠠᠵᠢᠯ ᠠᠴᠠ ᠪᠠᠨ | ᠠᠮᠠᠷᠠᠭᠰᠠᠨ ᠬᠥᠮᠥᠰ ᠤᠨ ᠨᠠᠶᠢᠷᠠᠯ ᠳᠠᠭᠤᠤ ᠶᠢᠨ ᠪᠣᠯᠪᠠᠰᠤᠷᠠᠯ ᠢ ᠰᠣᠨᠢᠷᠬᠠᠪᠠ᠃ ᠲᠡᠷᠡ ᠪᠠᠰᠠ ᠦᠢᠯᠡᠴᠢᠯᠡᠭᠡᠨ ᠤ ᠲᠥᠪ ᠤᠨ | ᠬᠠᠵᠠᠭᠤ ᠳᠠᠬᠢ ᠯᠢᠦ ᠵᠢᠶᠠ ᠪᠦᠦ ᠲᠣᠮᠢᠯᠠᠭᠰᠠᠨ ᠰᠠᠯᠪᠤᠷᠢ ᠳᠤ ᠬᠦᠷᠴᠦ᠂ ᠴᠠᠭᠳᠠᠭᠠᠨ ᠤ ᠶᠠᠪᠤᠳᠠᠯ ᠤᠨ ᠬᠦᠴᠦᠨ ᠢ | ᠳᠣᠷᠣᠭᠰᠢ ᠪᠠᠭᠤᠯᠭᠠᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠣᠶᠢᠯᠠᠭᠠᠪᠠ᠃ ᠰᠢ ᠶᠢᠨ ᠫᠢᠩ᠂ ᠰᠠᠭᠤᠭᠠᠯᠢ | ᠠᠷᠠᠳ ᠤᠨ ᠪᠣᠳᠠᠲᠤ ᠬᠡᠷᠡᠭᠴᠡᠭᠡ ᠢᠯᠠᠩᠭᠤᠶ᠎ᠠ ᠥᠲᠡᠭᠦᠰ ᠨᠢᠯᠬᠠᠰ ᠤᠨ ᠠᠵᠢᠯ ᠵᠡᠷᠭᠡ ᠭᠤᠣᠯᠳᠠᠯᠭ᠎ᠠ ᠲᠠᠢ ᠨᠢᠭᠲᠠ | ᠤᠶᠠᠯᠳᠤᠭᠤᠯᠵᠤ ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ | ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ | ᠱᠠᠲᠤᠨ ᠤ ᠵᠠᠰᠠᠯᠲᠠ ᠪᠣᠯᠣᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠨᠡᠩ ᠯᠠᠪᠳᠠᠭᠤᠨ ᠪᠠᠲᠤᠲᠠᠢ ᠬᠢᠬᠦ ᠬᠡᠷᠡᠭᠲᠡᠢ᠃ | ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ | ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ | ᠳᠡᠭᠡᠷ᠎ᠡ ᠵᠠᠷᠤᠴᠠᠭᠤᠯᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠯᠢ ᠽᠥᠩ ᠪᠢᠶᠣᠣ ᠶᠢᠨ ᠭᠡᠷ ᠲᠤ ᠰᠢ ᠶᠢᠨ ᠫᠢᠩ | ᠳᠡᠳᠡᠨ ᠤ ᠨᠢᠭᠡ ᠭᠡᠷ ᠤᠨ ᠬᠢᠨ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠨᠢᠭᠡ ᠭᠡᠷ ᠤᠨ ᠭᠤᠷᠪᠠᠨ ᠦᠶ᠎ᠡ ᠪᠠᠷ ᠢᠶᠠᠨ | ᠵᠣᠯ ᠵᠢᠷᠭᠠᠯ ᠲᠠᠢ ᠠᠮᠢᠳᠤᠷᠠᠵᠤ᠂ ᠪᠠᠶᠠᠷ ᠭᠦᠷ ᠲᠠᠢ ᠪᠠᠶᠢᠬᠤ ᠶᠢ ᠦᠵᠡᠭᠡᠳ ᠲᠡᠷᠡ ᠮᠠᠰᠢ ᠪᠠᠶᠠᠷᠯᠠᠪᠠ᠃ ᠰᠢ ᠶᠢᠨ ᠫᠢᠩ᠂ | ᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠪᠣᠯ ᠬᠠᠮᠤᠭ ᠤᠨ ᠴᠢᠬᠤᠯᠠ᠂ ᠨᠠᠮ ᠤᠨ | ᠲᠥᠪ ᠬᠤᠷᠢᠶ᠎ᠠ ᠨᠠᠰᠤᠲᠠᠶᠢᠴᠤᠳ ᠤᠨ ᠵᠣᠯ ᠵᠢᠷᠭᠠᠯ ᠠᠮᠤᠷ ᠠᠮᠤᠭᠤᠯᠠᠩ ᠢ ᠲᠦᠢᠯ ᠢᠶᠠᠷ ᠬᠠᠯᠠᠮᠵᠢᠯᠠᠵᠤ ᠪᠠᠶᠢᠨ᠎ᠠ᠂ ᠡᠯ᠎ᠡ | ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠰᠤᠵᠢᠯ ᠤᠨ ᠠᠰᠠᠷᠠᠮᠵᠢ᠂ ᠡᠮᠴᠢᠯᠡᠭᠡ ᠪᠣᠯᠣᠨ ᠨᠡᠶᠢᠭᠡᠮ | ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠪᠠ᠂ ᠦᠷᠭᠦᠯᠵᠢᠯᠡᠨ ᠬᠢᠵᠦ᠂ ᠬᠢᠬᠦ ᠲᠤᠳᠤᠮ | ᠰᠠᠶᠢᠨ ᠬᠢᠬᠦ ᠬᠡᠷᠡᠭᠲᠡᠢ ᠭᠡᠵᠦ ᠢᠯᠡᠳᠬᠡᠪᠡ᠃ | ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠡᠭᠡᠷ᠎ᠡ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ | ᠢᠷᠡᠵᠤ ᠬᠦᠷᠢᠶᠡᠯᠡᠨ ᠵᠣᠭᠰᠣᠵᠠᠭᠠᠪᠠ᠃ ᠰᠢ ᠶᠢᠨ ᠫᠢᠩ ᠤᠯᠠᠨ ᠳᠤ᠂ ᠪᠢᠳᠡ ᠤᠳᠠᠯ ᠦᠭᠡᠢ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠪᠣᠯᠣᠨ᠎ᠠ᠃ 75 ᠵᠢᠯ ᠤᠨ ᠲᠤᠷᠰᠢ ᠮᠠᠨ ᠤ ᠤᠯᠤᠰ ᠤᠨ | ᠬᠥᠭᠵᠢᠯᠲᠡ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠤᠳᠤ ᠪᠦᠭᠦ ᠨᠠᠮ ᠪᠦᠭᠦ ᠤᠯᠤᠰ ᠤᠨ ᠠᠷᠠᠳ | ᠲᠦᠮᠡᠨ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ ᠪᠠᠶᠢᠨ᠎ᠠ᠂ ᠪᠢᠳᠡ ᠨᠡᠩ | ᠪᠦᠯᠬᠦᠮᠳᠡᠵᠦ᠂ ᠨᠡᠩ ᠴᠢᠷᠮᠠᠶᠢᠵᠤ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠨ ᠠᠵᠢᠯᠯᠠᠵᠤ᠂ ᠨᠡᠩ ᠶᠡᠭᠡ ᠭᠡᠷᠡᠯ | ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠶ᠎ᠡ ᠭᠡᠵᠦ ᠬᠡᠯᠡᠪᠡ᠃ ᠲᠡᠷᠡ ᠤᠷᠢᠳᠴᠢᠯᠠᠨ ᠣᠯᠠᠨ ᠳᠤ ᠨᠠᠢᠮᠠᠨ ᠰᠠᠷ᠎ᠠ ᠶᠢᠨ | ᠲᠡᠷᠭᠡᠯ ᠪᠠᠶᠠᠷ ᠤᠨ ᠵᠥᠩᠨᠡᠯ ᠳᠡᠪᠰᠢᠭᠦᠯᠵᠦ᠂ ᠠᠶᠢᠯ ᠭᠡᠷ ᠪᠣᠯᠭᠠᠨ ᠠᠮᠤᠷ ᠠᠮᠤᠭᠤᠯᠠᠩ᠂ ᠡᠷᠡᠭᠦᠯ ᠴᠢᠭᠢᠷᠠᠭ᠂ ᠪᠠᠶᠠᠷ | ᠭᠦᠷ ᠲᠠᠢ ᠪᠠᠶᠢᠬᠤ ᠶᠢ ᠵᠥᠩᠨᠡᠪᠡ᠃ | ᠲᠠᠷᠠᠭ᠎ᠠ ᠨᠢ ᠰᠢ ᠶᠢᠨ ᠫᠢᠩ ᠬᠠᠳᠤᠨ ᠭᠤᠣᠯ ᠤᠨ ᠯᠠᠨᠵᠧᠦ ᠶᠢᠨ ᠵᠦᠩᠱᠠᠨ ᠬᠥᠭᠦᠷᠭᠡ ᠶᠢᠨ ᠬᠡᠰᠡᠭ ᠲᠤ ᠬᠦᠷᠴᠦ | ᠰᠢᠨᠵᠢᠯᠡᠨ ᠪᠠᠶᠢᠴᠠᠭᠠᠪᠠ᠃ ᠲᠡᠷᠡ ᠭᠤᠣᠯ ᠳᠠᠭᠠᠤ ᠶᠠᠪᠠᠭᠠᠨ ᠵᠠᠮ ᠢᠶᠠᠷ ᠪᠠᠶᠢᠴᠠᠭᠠᠨ ᠦᠵᠡᠵᠦ᠂ ᠬᠠᠳᠤᠨ ᠭᠤᠣᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ ᠲᠤᠬᠠᠢ ᠶᠢᠨ ᠲᠠᠯᠠᠪᠠᠢ ᠳᠤ | ᠪᠠᠶᠢᠭᠰᠠᠨ ᠺᠠᠳ᠋ᠷ᠂ ᠤᠯᠠᠨ ᠲᠦᠮᠡᠨ ᠳᠤ ᠬᠠᠳᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠮᠥᠨ᠂ | ᠯᠠᠨᠵᠧᠦ ᠪᠣᠯ ᠬᠠᠳᠤᠨ ᠭᠤᠣᠯ ᠬᠤᠳᠠ ᠶᠢᠨ ᠳᠤᠮᠳᠠᠭᠤᠷ ᠨᠢ ᠤᠷᠤᠰᠤᠨ ᠥᠩᠭᠡᠷᠡᠵᠦ ᠪᠠᠶᠢᠭ᠎ᠠ ᠴᠤᠷ ᠤᠨ ᠭᠠᠭᠴᠠ | ᠮᠤᠵᠢ ᠶᠢᠨ ᠲᠥᠪ ᠬᠤᠳᠠ ᠪᠣᠯᠣᠨ᠎ᠠ᠃ ᠤᠯᠠᠨ ᠢᠶᠠᠷ ᠢᠶᠠᠨ ᠠᠴᠢᠯᠠᠨ ᠲᠠᠯᠠᠷᠬᠠᠬᠤ ᠰᠡᠳᠬᠢᠯᠭᠡ ᠪᠠᠷ ᠬᠥᠮᠥᠨ ᠪᠦᠭᠦᠨ | ᠣᠷᠣᠯᠴᠠᠵᠤ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠳᠤᠨ ᠭᠤᠣᠯ ᠢ ᠬᠠᠮᠲᠤ ᠪᠠᠷ ᠰᠠᠶᠢᠲᠤᠷ | ᠬᠠᠮᠠᠭᠠᠯᠠᠵᠤ᠂ ᠬᠠᠳᠤᠨ ᠭᠤᠣᠯ ᠢᠶᠠᠷ ᠦᠷ᠎ᠡ ᠬᠤᠶᠢᠴᠢᠰ ᠲᠠᠭᠠᠨ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ ᠭᠡᠪᠡ᠃ | 13 ᠤ ᠦᠳᠡ ᠶᠢᠨ ᠡᠮᠦᠨ᠎ᠡ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠨᠰᠤ ᠶᠢᠨ ᠡᠯ᠎ᠡ ᠵᠦᠢᠯ ᠤᠨ ᠠᠵᠢᠯ ᠳᠤ ᠣᠯᠣᠭᠰᠠᠨ | ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠭᠠᠨᠰᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠠᠵᠤ | ᠦᠢᠯᠡᠰ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠵᠢᠴᠢ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠬᠤ ᠬᠡᠷᠡᠭᠲᠡᠢ᠃ ᠣᠳᠣ ᠦᠶ᠎ᠡ ᠶᠢᠨ ᠬᠦᠢᠲᠡᠨ ᠬᠠᠭᠤᠷᠠᠢ ᠶᠢᠨ | ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ | ᠲᠠᠷᠢᠶᠠᠯᠠᠩ ᠤᠨ ᠲᠦᠷᠦᠯ ᠲᠡᠮᠳᠡᠭ ᠢ ᠪᠤᠶᠢᠵᠢᠭᠤᠯᠬᠤ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠷᠠᠭᠤᠨ ᠣᠷᠣᠨ ᠤ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠡᠩ ᠶᠡᠭᠡ ᠰᠥᠰᠥ ᠵᠣᠷᠢᠭ ᠪᠣᠯᠣᠨ ᠡᠷᠡᠰ ᠵᠣᠷᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠥᠮᠥᠨ ᠢᠶᠠᠷ ᠦᠨᠳᠦᠰᠦ ᠪᠤᠯᠭᠠᠬᠤ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ | ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠬᠤᠲᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠵᠣᠯᠭᠠᠭᠤᠯᠵᠤ᠂ ᠮᠤᠵᠢ ᠣᠷᠣᠨ ᠠᠯᠤᠰᠯᠠᠭᠰᠠᠨ | ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ | ᠪᠠ ᠪᠠᠷᠠᠭᠤᠨ ᠬᠡᠰᠡᠭ ᠤᠨ ᠡᠬᠡ ᠬᠠᠭᠤᠷᠠᠢ ᠲᠡᠯᠡᠶ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ | ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠠᠨᠰᠤ ᠶᠢᠨ ᠲᠡᠦᠬᠡ ᠰᠣᠶᠣᠯ ᠤᠨ ᠥᠪ ᠬᠥᠷᠥᠩᠭᠡ ᠭᠦᠨ ᠵᠤᠵᠠᠭᠠᠨ᠂ ᠬᠤᠪᠢᠰᠬᠠᠯ ᠤᠨ ᠰᠣᠶᠣᠯ ᠤᠨ | ᠡᠬᠢ ᠪᠠᠶᠠᠯᠢᠭ ᠡᠯᠪᠡᠭ ᠪᠠᠶᠠᠯᠢᠭ ᠶᠤᠮ᠃ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠳ᠋ᠦᠨᠬᠤᠸᠠᠩ ᠤᠨ ᠰᠤᠳᠤᠯᠭᠠᠨ ᠤ ᠬᠦᠷᠢᠶᠡᠯᠡᠩ ᠤᠨ | ᠳᠡᠯᠡᠬᠡᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠶᠢᠲᠡᠯᠢᠭ ᠵᠢᠱᠢᠶ᠎ᠡ ᠪᠣᠯᠣᠨ ᠳ᠋ᠦᠨᠬᠤᠸᠠᠩ ᠤᠨ ᠰᠤᠳᠤᠯᠭᠠᠨ ᠤ | ᠥᠨᠳᠦᠷᠯᠢᠭ ᠢ ᠪᠦᠲᠦᠭᠡᠨ ᠪᠠᠶᠢᠭᠤᠯᠬᠤ ᠶᠢ ᠲᠡᠮᠵᠢᠵᠤ᠂ ᠤᠷᠳᠤ ᠴᠠᠭᠠᠨ ᠬᠡᠷᠡᠮ᠂ ᠤᠷᠳᠤ ᠵᠠᠮ ᠤᠨ ᠠᠶᠠᠨ ᠲᠠᠶᠢᠨ᠂ | ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠵᠤ᠂ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ ᠬᠡᠷᠡᠭᠲᠡᠢ᠃ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ | ᠦᠢᠯᠡᠰ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠡᠶᠢᠭᠡᠮ ᠤᠨ ᠪᠠᠶᠢᠭᠤᠯᠤᠯᠲᠠ ᠪᠣᠯᠣᠨ ᠵᠠᠰᠠᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠬᠠᠮᠲᠤ ᠪᠠᠷ ᠪᠠᠶᠠᠵᠢᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠤᠯᠠᠨ | ᠲᠦᠮᠡᠨ ᠤ ᠨᠡᠶᠢᠳᠡᠮ ᠤᠨ ᠬᠡᠷᠡᠭᠴᠡᠭᠡ᠂ ᠪᠦᠲᠦᠭᠡᠵᠦ ᠳᠡᠶᠢᠯᠭᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠵᠦ᠂ ᠤᠯᠠᠨ ᠲᠦᠮᠡᠨ ᠢ ᠮᠡᠳᠡᠷᠡᠵᠦ ᠳᠡᠶᠢᠯᠭᠦ ᠬᠦᠷᠲᠡᠵᠦ ᠳᠡᠶᠢᠯᠭᠦ ᠶᠢ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ | ᠬᠥᠮᠥᠨ ᠠᠮᠠ ᠶᠢᠨ ᠬᠡᠪᠴᠢᠶᠡᠲᠦ ᠴᠢᠨᠠᠷᠲᠠᠢ ᠪᠠᠷ ᠲᠠᠭᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠲᠠᠢ ᠪᠤᠯᠬᠤ ᠠᠴᠠ | ᠰᠡᠷᠭᠡᠶᠢᠯᠡᠬᠦ ᠬᠡᠷᠡᠭᠲᠡᠢ᠃ ᠬᠥᠳᠡᠭᠡ ᠲᠣᠰᠬᠤᠨ ᠤ ᠪᠣᠯᠬᠢ ᠪᠦᠳᠦᠭᠦᠯᠢᠭ ᠵᠠᠩ ᠰᠤᠷᠲᠠᠯ ᠢ ᠥᠭᠡᠷᠡᠴᠢᠯᠡᠬᠦ ᠶᠢ ᠠᠬᠢᠭᠤᠯᠵᠤ᠂ | ᠬᠥᠳᠡᠭᠡ ᠨᠤᠲᠤᠭ ᠤᠨ ᠪᠣᠯᠪᠠᠰᠤᠨ ᠰᠤᠷᠲᠠᠯ ᠢ ᠪᠤᠶᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ | ᠵᠠᠰᠠᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ ᠴᠢᠯᠠᠭᠤ ᠬᠤᠷᠠᠭᠰᠠᠨ ᠠᠭᠤᠯᠠᠷᠬᠠᠭ ᠭᠠᠵᠠᠷ ᠤᠨ ᠭᠠᠵᠠᠷ | ᠬᠥᠳᠡᠯᠦᠯᠲᠡ ᠶᠢᠨ ᠭᠠᠮᠰᠢᠭᠳᠠᠭᠰᠠᠨ ᠣᠷᠣᠨ ᠵᠡᠷᠭᠡ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠪᠠ | ᠭᠠᠮᠰᠢᠭ ᠤᠨ ᠳᠠᠷᠠᠭᠠᠬᠢ ᠰᠡᠷᠭᠦᠭᠡᠨ ᠲᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠤᠷ | ᠲᠦᠪᠰᠢᠨ ᠳᠤᠯᠠᠭᠠᠬᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠦᠨᠡᠨ ᠬᠦ | ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ | ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ | ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠢ ᠪᠠᠷ ᠠᠵᠢᠯᠯᠠᠵᠤ᠂ | ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠭᠠᠨᠰᠤ ᠳᠤ ᠬᠦᠷᠬᠦ ᠵᠠᠮ ᠵᠠᠭᠤᠷ᠎ᠠ ᠱᠠᠨᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠤᠤ ᠢ ᠳ᠋ᠧ ᠪᠣᠯᠣᠨ ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠲᠠᠢ ᠪᠠᠷ ᠪᠤᠤ ᠵᠢᠢ | ᠬᠤᠳᠠ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠪᠤᠤ ᠵᠢᠢ ᠶᠢᠨ ᠬᠦᠷᠡᠯ ᠵᠡᠪᠰᠡᠭ ᠤᠨ ᠮᠦᠽᠧᠢ ᠶᠢ ᠲᠣᠭᠤᠷᠢᠨ | ᠦᠵᠡᠪᠡ᠃ ᠲᠡᠷᠡ᠂ ᠮᠠᠨ ᠤ ᠤᠯᠤᠰ ᠤᠨ ᠬᠦᠷᠡᠯ ᠵᠡᠪᠰᠡᠭ ᠤᠨ ᠪᠣᠯᠪᠠᠰᠤᠨ ᠥᠨᠢ ᠤᠳᠠᠭᠠᠨ᠂ ᠭᠡᠷᠡᠯ ᠰᠠᠴᠤᠷᠠᠩᠭᠤᠢ ᠲᠡᠦᠬᠡ | ᠲᠠᠢ ᠪᠠᠶᠢᠵᠤ᠂ ᠳᠡᠯᠡᠬᠡᠢ ᠶᠢᠨ ᠪᠣᠯᠪᠠᠰᠤᠨ ᠤ ᠲᠡᠦᠬᠡᠨ ᠳᠡᠭᠡᠷ᠎ᠡ ᠥᠪᠡᠷᠮᠢᠴᠡ ᠤᠨᠴᠠᠭᠠᠢ ᠲᠤᠭ ᠲᠡᠮᠳᠡᠭ ᠪᠤᠯᠬᠤ | ᠶᠤᠮ᠃ ᠬᠦᠷᠡᠯ ᠵᠡᠪᠰᠡᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠤᠳᠤᠯᠬᠤ ᠪᠠ ᠤᠬᠠᠭᠤᠯᠤᠨ | ᠲᠠᠶᠢᠯᠪᠤᠷᠢᠯᠠᠬᠤ ᠶᠢ ᠴᠢᠩᠭᠠᠳᠬᠠᠵᠤ᠂ ᠪᠦᠭᠦ ᠨᠡᠶᠢᠭᠡᠮ ᠣᠨᠴᠠᠭᠠᠶᠢᠯᠠᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ | ᠤᠯᠤᠰ ᠪᠣᠯᠣᠨ ᠳᠤᠮᠳᠠᠳᠤ ᠶᠢᠨ ᠪᠣᠯᠪᠠᠰᠤᠨ ᠳᠤ ᠬᠠᠶᠢᠷ᠎ᠠ ᠰᠡᠳᠬᠢᠯᠭᠡ ᠶᠢ ᠨᠡᠩ ᠰᠠᠶᠢᠲᠤᠷ ᠬᠥᠭᠵᠢᠭᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ ᠪᠠᠰᠠ ᠸᠧᠢ ᠾᠧ ᠭᠤᠣᠯ ᠤᠨ ᠠᠮᠢ ᠠᠬᠤᠢ ᠶᠢᠨ ᠴᠡᠴᠡᠷᠯᠢᠭ ᠢ ᠪᠠᠶᠢᠴᠠᠭᠠᠨ ᠦᠵᠡᠪᠡ᠃ | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 9 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠢ ᠶᠢᠨ ᠫᠢᠩ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠱᠢᠶᠡᠴᠢ᠂ ᠪᠢᠴᠢᠭ ᠤᠨ | ᠠᠵᠢᠯᠲᠠᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ | ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠪᠡ᠃ ᠾᠧ ᠸᠧᠢ ᠳ᠋ᠦᠩ ᠪᠠᠷ᠎ᠠ ᠪᠣᠯᠵᠤ ᠭᠥᠯᠢᠶᠡᠨ ᠠᠪᠴᠤ ᠠᠭᠤᠯᠵᠠᠪᠠ᠃ | | | | |