ᠮᠠᠨ ᠤ ᠣᠷᠣᠨ ᠤ ︽ᠬᠤᠣᠰ ᠲᠡᠷᠢᠭᠦᠨ︾᠎ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/9/3
    ᠮᠠᠨ ᠤ ᠣᠷᠣᠨ ᠤ ︽ᠬᠤᠣᠰ ᠲᠡᠷᠢᠭᠦᠨ︾᠎ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠨᠢᠭᠡ ᠳᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠪᠠᠨ ᠡᠳᠦᠷ ᠢᠷᠡᠬᠦᠶ᠎ᠡ ᠰᠢᠯᠢᠳᠡᠭᠵᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ 59 ᠪᠠᠶᠢᠵᠤ᠂ ᠳᠡᠭᠡᠷ᠎ᠡ ᠨᠢᠭᠡ ᠡᠭᠡᠯᠵᠢᠨ ᠤ ᠨᠡᠮᠡᠭᠳᠡᠯ ᠤᠨ ᠬᠡᠮᠵᠢᠶ᠎ᠡ ᠠᠴᠠ 25.5%᠎ ᠪᠠᠷ ᠨᠡᠮᠡᠭᠳᠡᠪᠡ︔ 6 ᠲᠤᠰᠬᠠᠢ ᠮᠡᠷᠭᠡᠵᠢᠯ ᠳᠤ ᠬᠤᠯᠪᠤᠭᠳᠠᠬᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ ᠰᠢᠨ᠎ᠡ ᠪᠠᠷ ᠨᠡᠮᠡᠭᠳᠡᠵᠦ᠂ ︽ᠬᠤᠭᠤᠰᠣᠨ︾ ᠪᠠᠶᠢᠭᠰᠠᠨ ᠲᠡᠦᠬᠡ ᠶᠢ ᠡᠴᠦᠰᠯᠡᠭᠦᠯᠪᠡ᠃ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ ᠤ ᠲᠥᠷᠥᠯ ᠵᠡᠷᠭᠡ ᠶᠢ ᠪᠠᠭᠲᠠᠭᠠᠭᠰᠠᠨ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ 40 ᠪᠠᠶᠢᠵᠤ᠂ ᠪᠥᠬᠦ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠮᠡᠷᠭᠡᠵᠢᠯ ︵50︶᠎ ᠤᠨ 80% ᠬᠤᠪᠢ ᠶᠢᠨ ᠬᠠᠷᠢᠴᠠᠯ ᠢ ᠡᠵᠡᠯᠡᠨ᠎ᠡ᠂ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠶᠢᠨ ᠵᠣᠬᠢᠴᠠᠯᠳᠤᠬᠤ ᠬᠡᠮᠵᠢᠶ᠎ᠡ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠬᠤᠶᠠᠷ ᠲᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠪᠦᠬᠦᠯᠢ ᠡᠳᠦᠷ ᠤᠨ ᠳᠦᠷᠢᠮᠲᠦ ᠰᠣᠳᠣᠯᠣᠨ ᠰᠤᠷᠤᠭᠴᠢ 3.47 ᠲᠦᠮᠡ ᠳᠤ ᠬᠦᠷᠴᠦ᠂ 2016 ᠣᠨ ᠤ ᠬᠢ ᠠᠴᠠ 87.6%᠎ ᠪᠠᠷ ᠨᠡᠮᠡᠭᠳᠡᠪᠡ︔ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠭᠤᠷᠢᠯᠠᠬᠤ ᠠᠰᠫᠢᠷᠠᠨᠲ ᠤᠨ ᠲᠤᠭ᠎ᠠ 2.4 ᠲᠦᠮᠡᠨ ᠬᠦᠮᠦᠨ ᠪᠠᠶᠢᠵᠤ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠡᠵᠡᠯᠡᠬᠦ ᠬᠠᠷᠢᠴᠠᠯ ᠤᠨ 59.8%᠎ ᠳᠤ ᠬᠦᠷᠴᠦ᠂ 2016 ᠣᠨ ᠤ ᠬᠢ ᠠᠴᠠ 15.2 ᠵᠠᠭᠤᠨ ᠤ ᠴᠡᠭ ᠢᠶᠠᠷ ᠳᠡᠭᠡᠭᠰᠢᠯᠡᠵᠦ᠂ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠪᠠ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠠᠯᠬᠤᠮ ᠠᠯᠬᠤᠮ ᠢᠶᠠᠷ ᠴᠢᠩᠭᠠᠷᠠᠭᠤᠯᠪᠠ᠃ 2021᠎ ᠠᠴᠠ 2023 ᠣᠨ ᠪᠣᠯᠲᠠᠯ᠎ᠠ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 1146 ᠰᠢᠨ᠎ᠡ ᠪᠠᠷ ᠨᠡᠮᠡᠭᠳᠡᠵᠦ᠂ 5.79 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠪᠠ︔ ᠮᠤᠵᠢ ᠶᠢᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 5121 ᠰᠢᠨ᠎ᠡ ᠪᠠᠷ ᠨᠡᠮᠡᠭᠳᠡᠵᠦ᠂ 10.56 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠵᠤ᠂ ᠲᠤᠰᠬᠠᠶ ᠠᠰᠢᠭ ᠢ ᠰᠢᠯᠵᠢᠭᠦᠯᠦᠨ ᠥᠭᠭᠦᠭᠰᠡᠨ ᠵᠢᠴᠢ ᠵᠥᠪᠰᠢᠶᠡᠷᠡᠭᠳᠡᠭᠰᠡᠨ ᠭᠡᠷ᠎ᠡ ᠶᠢᠨ ᠲᠤᠭ᠎ᠠ ᠨᠡᠶᠢᠲᠡ 80 ᠪᠠᠶᠢᠵᠤ ᠂ ᠲᠤᠰᠬᠠᠶ ᠠᠰᠢᠭ ᠢᠶᠠᠨ ᠬᠤᠪᠢᠷᠠᠭᠤᠯᠤᠭᠠᠳ ᠨᠡᠶᠢᠲᠡ 1177 ᠲᠦᠮᠡᠨ ᠲᠥᠭᠦᠷᠢᠭ ᠬᠦᠷᠲᠡᠪᠡ᠃ ︵ᠰᠤᠷᠭᠠᠨ ᠬᠥᠮᠦᠵᠢᠯ ᠤᠨ ᠲᠢᠩᠬᠢᠮ︶    
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号