ᠠᠷᠪᠠᠨ ᠳᠣᠯᠣᠳᠤᠭᠠᠷ ᠬᠤᠭᠤᠴᠠᠭᠠᠨ ᠤ ︵2024︶ ᠦᠬᠡᠷ ᠤᠨ ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠲᠦᠩᠯᠢᠶᠣᠣ ᠬᠤᠲᠠ ᠳᠤ ᠡᠬᠢᠯᠡᠪᠡ ᠮᠧᠩ ᠰᠢᠶᠠᠨ ᠳ᠋ᠦᠩ ᠳᠠᠶᠢᠴᠢᠨ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2024/9/3
    8 ᠰᠠᠷ᠎ᠠ ᠶᠢᠨ 24 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ︵2024︶ ᠦᠬᠡᠷ ᠤᠨ ᠦᠢᠯᠡᠰ ᠤᠨ ᠬᠥᠭᠵᠢᠭᠦᠯᠦᠯᠲᠡ ᠶᠢᠨ ᠶᠡᠭᠡ ᠬᠤᠷᠠᠯ ᠲᠦᠩᠯᠢᠶᠣᠣ ᠬᠤᠲᠠ ᠳᠤ ᠡᠬᠢᠯᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠦᠭᠡᠳ ᠪᠠᠶᠠᠷ ᠤᠨ ᠦᠭᠡ ᠬᠡᠯᠡᠵᠡᠢ᠃    ᠬᠤᠷᠠᠯ ᠳᠡᠭᠡᠷ᠎ᠡ ︽ᠰᠠᠶᠢᠨ ᠦᠬᠡᠷ ᠰᠠᠶᠢᠨ ᠮᠢᠬᠠᠨ ᠤ ᠲᠦᠷᠦᠯ ᠲᠡᠮᠳᠡᠭ ᠢ ᠪᠤᠶᠢᠵᠢᠭᠤᠯᠤᠨ ᠰᠢᠯᠢᠳᠡᠭᠵᠢᠭᠦᠯᠬᠦ ᠠᠵᠢᠯᠯᠠᠭᠠᠨ ᠤ ᠲᠦᠯᠦᠪᠯᠡᠭᠡ︾ ᠶᠢᠨ ᠵᠦᠭᠯᠡᠭᠦᠷ ᠢ ᠨᠡᠶᠢᠲᠡᠯᠡᠵᠦ᠂ ᠠᠵᠢᠯ ᠲᠦᠷᠦᠯ ᠤᠨ ᠬᠥᠭᠵᠢᠯᠲᠡ ᠳᠤ ᠣᠨᠣᠴᠠᠲᠠᠢ ᠵᠢᠯᠣᠭᠤᠳᠤᠯᠭ᠎ᠠ ᠬᠠᠩᠭᠠᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠢ ᠡᠬᠢᠯᠡᠭᠦᠯᠬᠦ ᠶᠣᠰᠣᠯᠠᠯ ᠶᠠᠪᠤᠭᠤᠯᠵᠤ᠂ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠲᠦᠷᠦᠯ ᠲᠡᠮᠳᠡᠭ ᠤᠨ ᠦᠨ᠎ᠡ ᠦᠷᠲᠡᠭ ᠢ ᠦᠨᠡᠯᠡᠭᠰᠡᠨ ᠦᠷ᠎ᠡ ᠳ᠋ᠦᠩ ᠵᠢᠴᠢ ︽ᠲᠦᠩᠯᠢᠶᠣᠣ ᠶᠢᠨ ᠦᠬᠡᠷ ᠤᠨ ᠮᠢᠬ᠎ᠠ︾ ᠶᠢᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠨᠡᠶᠢᠲᠡᠯᠡᠵᠦ᠂ ︽ᠲᠦᠩᠯᠢᠶᠣᠣ ᠶᠢᠨ ᠮᠢᠬᠠᠨ ᠤ ᠦᠬᠡᠷ︾ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠰᠲ᠋ᠧᠮ ᠤᠨ ᠡᠬᠢᠯᠡᠯᠲᠡ ᠶᠢᠨ ᠶᠣᠰᠣᠯᠠᠯ ᠶᠠᠪᠤᠭᠤᠯᠬᠤ ᠶᠢᠨ ᠬᠠᠮᠲᠤ᠂ ︽ᠦᠬᠡᠷ ᠲᠡᠵᠢᠭᠡᠬᠦ ᠴᠢᠳᠠᠪᠤᠷᠢᠲᠠᠨ︾ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠪᠠ ︽2024 ᠣᠨ ᠤ ᠲᠦᠩᠯᠢᠶᠣᠣ ᠬᠤᠲᠠ ᠶᠢᠨ ᠦᠬᠡᠷ ᠰᠢᠯᠭᠠᠷᠠᠭᠤᠯᠬᠤ ᠤᠷᠤᠯᠳᠤᠭᠠᠨ︾ ᠳᠤ ᠱᠠᠩᠨᠠᠯ ᠣᠯᠣᠭᠰᠠᠳ ᠲᠤ ᠱᠠᠩᠨᠠᠯ ᠣᠯᠭᠤᠪᠠ᠃    ᠶᠡᠭᠡ ᠬᠤᠷᠠᠯ ᠤᠨ ᠬᠤᠭᠤᠴᠠᠭᠠᠨ ᠳᠤ ᠪᠠᠰᠠ ᠮᠢᠬᠠᠨ ᠤ ᠦᠬᠡᠷ ᠤᠨ ᠠᠵᠤ ᠦᠢᠯᠡᠰ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠵᠦᠪᠯᠡᠯᠴᠡᠭᠡᠷ ᠲᠣᠭᠲᠠᠬᠤ ᠶᠣᠰᠣᠯᠠᠯ ᠶᠠᠪᠤᠭᠤᠯᠵᠤ᠂ ᠨᠡᠶᠢᠲᠡ 35 ᠲᠦᠷᠦᠯ ᠵᠦᠢᠯ ᠤᠨ ᠵᠦᠪᠯᠡᠯᠴᠡᠭᠡᠷ ᠲᠣᠭᠲᠠᠵᠤ᠂ ᠶᠡᠷᠦᠩᠬᠡᠢ ᠵᠣᠭᠤᠰ ᠤᠨ ᠲᠤᠭ᠎ᠠ ᠨᠢ 168.46 ᠳ᠋ᠦᠩᠰᠢᠭᠤᠷ  ᠲᠦᠭᠦᠷᠢᠭ  ᠲᠤ  ᠬᠦᠷᠴᠡᠢ᠃ ︽ᠪᠦᠬᠦ ᠤᠯᠤᠰ ᠤᠨ ᠦᠬᠡᠷ ᠤᠨ ᠮᠢᠬᠠᠨ ᠤ ᠪᠡᠯᠡᠨ ᠵᠠᠭᠤᠰᠢ ᠶᠢᠨ ᠤᠷᠤᠯᠳᠤᠭᠠᠨ︾ ᠪᠠ ︽ᠪᠦᠬᠦ ᠤᠯᠤᠰ ᠤᠨ ᠦᠬᠡᠷ ᠤᠨ ᠮᠢᠬᠠᠨ ᠤ ᠬᠤᠭᠤᠯᠠ ᠬᠢᠬᠦ ᠤᠷᠤᠯᠳᠤᠭᠠᠨ︾ ᠶᠠᠪᠤᠭᠤᠯᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号