ᠥᠪᠥᠷ ᠮᠣᠩᠭᠤᠯ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/9/3
    ᠣᠳᠣᠬᠠᠨ ᠳᠤ᠂ ᠮᠠᠨ ᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠠᠭᠠᠵᠢᠮ ᠢᠶᠠᠷ ᠪᠣᠯᠪᠠᠰᠤᠷᠠᠵᠤ ᠲᠡᠭᠦᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠦᠷ᠎ᠡ ᠴᠢᠬᠢ ᠶᠢᠨ ᠪᠦᠲᠦᠴᠡ ᠶᠢᠨ ᠴᠢᠨᠠᠷᠲᠠᠶ ᠳᠤᠲᠠᠭᠳᠠᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠣᠶ ᠰᠢᠭᠤᠶ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠮᠡᠳᠡᠭᠳᠡᠯ︾ ᠪᠠ ︽︿ᠤᠮᠠᠷᠠᠲᠤ ᠶᠢᠨ ᠭᠤᠷᠪᠠᠨ ᠣᠷᠣᠨ﹀ ᠢᠨᠵᠧᠨᠧᠷᠢᠩ ᠤᠨ ᠦᠷ᠎ᠡ ᠴᠢᠬᠢ ᠶᠢᠨ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠲᠡᠭᠦᠬᠦ ᠬᠤᠷᠢᠶᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠨᠡ ᠡᠪᠦᠯ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠬᠠᠩᠭᠠᠬᠤ ᠬᠡᠮᠵᠢᠶ᠎ᠡ ᠨᠢ ᠭᠦᠢᠴᠡᠳ᠂ ᠴᠢᠨᠠᠷ ᠨᠢ ᠰᠢᠯᠢᠳᠡᠭ᠂ ᠦᠨ᠎ᠡ ᠨᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ︽ᠤᠮᠠᠷᠠᠲᠤ ᠶᠢᠨ ᠭᠤᠷᠪᠠᠨ ᠣᠷᠣᠨ︾ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠲᠣᠰ ᠭᠠᠵᠠᠷ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠡᠷᠡᠭᠴᠡᠭᠡ ᠶᠢ ᠵᠠᠳᠠᠯᠵᠤ ᠰᠤᠳᠤᠯᠤᠨ ᠮᠠᠭᠠᠳᠯᠠᠵᠤ᠂ ᠲᠡᠭᠦᠬᠦ ᠬᠤᠷᠢᠶᠠᠬᠤ ᠨᠥᠭᠡᠴᠡᠯᠡᠬᠦ ᠳᠤ ᠦᠨᠡᠨ ᠬᠦ ᠬᠡᠷᠡᠭᠵᠢᠭᠦᠯᠬᠦ᠋ᠢᠴᠡ ᠲᠥᠯᠥᠪᠯᠡᠭᠡ ᠲᠣᠭᠲᠠᠭᠠᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠰᠠᠶᠢᠨ ᠦᠷ᠎ᠡ ᠶᠢᠨ ᠰᠠᠭᠤᠷᠢᠨ ᠭᠠᠵᠠᠷ᠂ ᠦᠷ᠎ᠡ ᠲᠡᠭᠦᠬᠦ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠠᠭᠤᠷᠢᠨ ᠭᠠᠵᠠᠷ ᠲᠤ ᠪᠤᠶᠢᠵᠢᠭᠤᠯᠤᠭᠰᠠᠨ ᠦᠷ᠎ᠡ ᠶᠢ ᠲᠡᠭᠦᠵᠦ ᠳᠡᠶᠢᠯᠬᠦ ᠶᠢ ᠨᠢ ᠪᠥᠬᠦᠨ ᠢ ᠲᠡᠭᠦᠬᠦ ᠬᠡᠷᠡᠭᠲᠡᠶ᠃ ᠣᠳᠣ ᠪᠠᠶᠢᠭ᠎ᠠ ᠠᠮᠢ ᠠᠬᠤᠶ ᠶᠢᠨ ᠨᠡᠶᠢᠲᠡ ᠶᠢᠨ ᠠᠰᠠᠷᠠᠮᠵᠢ ᠶᠢᠨ ᠣᠶ ᠳᠠᠬᠢ ᠰᠢᠯᠢᠳᠡᠭ ᠦᠷ᠎ᠡ ᠶᠢᠨ ᠰᠤᠷᠪᠤᠯᠵᠢ᠂ ᠣᠨᠴᠠᠭᠠᠶᠢᠯᠠᠨ ᠪᠤᠷᠭᠠᠰᠤ᠂ ᠵᠠᠭ᠂ ᠲᠣᠷᠯᠤᠭ᠂ ᠲᠠᠷᠪᠠᠯᠵᠢ ᠵᠡᠷᠭᠡ ᠳᠤᠲᠠᠭᠳᠠᠵᠤ ᠪᠠᠶᠢᠭ᠎ᠠ ᠦᠷ᠎ᠡ ᠶᠢ ᠭᠦᠢᠴᠡᠳ ᠰᠠᠶᠢᠲᠤᠷ ᠠᠰᠢᠭᠯᠠᠵᠤ᠂ ᠡᠯᠪᠡᠭ ᠬᠤᠷᠢᠶᠠᠯᠲᠠ ᠲᠠᠢ ᠵᠢᠯ ᠲᠣᠬᠢᠶᠠᠯᠳᠤᠪᠠᠯ ᠢᠯᠡᠭᠦᠦ ᠲᠡᠭᠦᠵᠦ ᠢᠯᠡᠭᠦᠦ ᠨᠥᠭᠡᠴᠡᠯᠡᠬᠦ ᠪᠠᠷ ᠴᠢᠷᠮᠠᠶᠢᠵᠤ᠂ ᠦᠢᠯᠡᠳᠪᠦᠷᠢᠯᠡᠯ ᠤᠨ ᠬᠡᠷᠡᠭᠴᠡᠭᠡ ᠪᠠ ᠦᠯᠡᠭᠦᠦ ᠳᠤᠲᠠᠭᠤ ᠶᠢ ᠲᠣᠬᠢᠷᠠᠭᠤᠯᠬᠤ ᠶᠢᠨ ᠲᠥᠯᠥᠭᠡ ᠰᠠᠶᠢᠲᠤᠷ ᠨᠥᠭᠡᠴᠡᠯᠡᠬᠦ ᠬᠡᠷᠡᠭᠲᠡᠶ ᠭᠡᠵᠦ ᠱᠠᠭᠠᠷᠳᠠᠪᠠ᠃    ᠡᠭᠦᠨ ᠤ ᠬᠠᠮᠲᠤ᠂ ᠡᠯ᠎ᠡ ᠭᠠᠵᠠᠷ ᠤᠨ ᠬᠢᠨ ᠦᠷ᠎ᠡ ᠴᠢᠬᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠠᠵᠢᠯ ᠢ ᠰᠠᠶᠢᠲᠤᠷ ᠬᠢᠵᠦ᠂ ᠦᠷ᠎ᠡ ᠬᠡᠷᠡᠭᠯᠡᠬᠦ ᠴᠢᠬᠢ ᠬᠡᠷᠡᠭᠯᠡᠬᠦ ᠤᠷᠬᠢᠯ ᠬᠤᠭᠤᠴᠠᠭᠠᠨ ᠳᠤ ᠭᠠᠷᠠᠭ ᠤᠨ ᠲᠤᠬᠢᠷᠠᠭᠤᠯᠤᠯᠳᠠ᠂ ᠰᠠᠷ᠎ᠠ ᠶᠢᠨ ᠲᠤᠬᠢᠷᠠᠭᠤᠯᠤᠯᠳᠠ ᠶᠢ ᠬᠡᠷᠡᠭᠵᠢᠭᠦᠯᠵᠦ᠂ ᠪᠤᠰᠤᠳ ᠴᠠᠭ ᠲᠤ ᠤᠯᠠᠷᠢᠯ ᠤᠨ ᠲᠤᠬᠢᠷᠠᠭᠤᠯᠤᠯᠳᠠ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠨᠢ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠦᠷ᠎ᠡ ᠴᠢᠬᠢ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠬᠤ ᠪᠠ ︽ᠬᠤᠶᠠᠷ ᠢ ᠲᠠᠰᠢᠷᠠᠮ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠦᠷ᠎ᠡ ᠴᠢᠬᠢ ᠶᠢᠨ ᠶᠠᠰᠤ ᠴᠢᠨᠠᠷ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号