ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ᠂ ᠬᠥᠬᠡᠬᠤᠲᠠ ᠪᠠ | ᠤᠯᠠᠭᠠᠨᠬᠠᠳᠠ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ | ᠲᠥᠯᠥᠭᠡ᠂ 8 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ᠂ ᠲᠡᠮᠦᠷ ᠵᠠᠮ ᠤᠨ ᠰᠠᠯᠠᠭ᠎ᠠ ᠮᠥᠴᠢᠷ ᠬᠥᠬᠡᠬᠤᠲᠠ | ᠤᠯᠠᠭᠠᠨᠬᠠᠳᠠ ᠶᠢᠨ ᠬᠤᠭᠤᠷᠣᠨᠳᠣᠬᠢ K4696/7᠂ K4698/5 ᠤᠳᠠᠭ᠎ᠠ ᠶᠢᠨ ᠠᠶᠠᠨᠴᠢᠳ ᠤᠨ ᠭᠠᠯᠲᠤ | ᠲᠡᠷᠭᠡ ᠶᠢ ᠨᠡᠮᠡᠭᠰᠡᠨ ᠪᠥᠭᠡᠳ ᠲᠡᠳᠡᠭᠡᠷ ᠨᠢ ᠲᠦᠩᠯᠢᠶᠣᠤ ᠥᠷᠲᠡᠭᠡ ᠪᠠᠷ ᠳᠠᠭᠠᠷᠢᠨ ᠥᠩᠭᠡᠷᠡᠬᠦ ᠦᠭᠡᠢ ᠪᠣᠯᠵᠤ᠂ | ᠠᠶᠠᠯᠠᠯ ᠤᠨ ᠵᠠᠶ ᠶᠢ 500 ᠢᠯᠡᠭᠦᠦ ᠺᠢᠯᠣᠮᠧᠳ᠋ᠷ ᠪᠣᠭᠤᠨᠢᠰᠬᠠᠪᠠ᠃ ᠡᠨᠡ ᠨᠢ ᠮᠥᠨ ᠴᠦ ᠤᠯᠠᠭᠠᠨᠬᠠᠳᠠ ᠳ᠋ᠠᠪᠠᠨ | ᠲᠡᠮᠦᠷ ᠵᠠᠮ ᠨᠢ ᠠᠶᠠᠨᠴᠢᠳ ᠪᠠ ᠪᠠᠷᠠᠭ᠎ᠠ ᠪᠠᠨ ᠨᠢᠭᠡ ᠱᠤᠭᠤᠮ ᠢᠶᠠᠷ ᠵᠥᠭᠡᠭᠡᠪᠦᠷᠢᠯᠡᠬᠦ ᠶᠢ ᠪᠡᠶᠡᠯᠡᠭᠦᠯᠦᠭᠰᠡᠨ ᠢ | ᠬᠠᠷᠠᠭᠤᠯᠵᠤ ᠪᠠᠶᠢᠨ᠎ᠠ᠃ |