ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠢᠶᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/9/3
    8 ᠰᠠᠷ᠎ᠠ ᠶᠢᠨ 31 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠨᠠᠷ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠢᠶᠠᠷ ᠲᠣᠭᠤᠷᠢᠨ ᠦᠵᠡᠪᠡ᠃    ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠵᠤ᠂ 20 ᠭᠠᠷᠤᠢ ᠤᠯᠤᠰ ᠪᠠ ᠭᠠᠵᠠᠷ ᠣᠷᠣᠨ᠂ ᠪᠦᠭᠦ ᠤᠯᠤᠰ ᠤᠨ 25 ᠮᠤᠵᠢ ︵ᠣᠷᠣᠨ᠂ ᠬᠤᠳᠠ︶ ᠠᠴᠠ ᠢᠷᠡᠭᠰᠡᠨ 500 ᠭᠠᠷᠤᠢ ᠠᠵᠤ ᠠᠬᠤᠶᠢᠯᠠᠯ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠣᠷᠣᠯᠴᠠᠪᠠ᠃ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ᠂ ᠠᠶᠢᠮᠠᠭ ᠬᠤᠲᠠ ᠶᠢᠨ ᠰᠣᠶᠣᠯ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠣᠷᠣᠨ ᠤ ᠬᠠᠷᠢᠶ᠎ᠠ ᠪᠦᠬᠦᠢ ᠰᠣᠶᠣᠯ ᠤᠨ ᠠᠵᠤ ᠠᠬᠤᠶᠢᠯᠠᠯ ᠤᠨ ᠦᠵᠡᠭᠦᠯᠭᠡ ᠶᠢᠨ ᠲᠣᠭᠤᠷᠢᠭ᠂ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠵᠡᠷᠭᠡ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ᠂ ᠰᠣᠶᠣᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠰᠣᠶᠣᠯ ᠤᠨ ᠠᠵᠤ ᠦᠢᠯᠡᠰ ᠤᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠭᠦᠢᠴᠡᠳ ᠢᠯᠡᠷᠡᠭᠦᠯᠪᠡ᠃ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠣᠷᠣᠯᠴᠠᠬᠰᠠᠨ ᠡᠯ᠎ᠡ ᠰᠣᠶᠣᠯ ᠤᠨ ᠠᠵᠤ ᠠᠬᠤᠶᠢᠯᠠᠯ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ ᠬᠥᠭᠵᠢᠭᠦᠯᠵᠦ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠣᠯᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号