ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠦ᠂ | ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ᠂ ᠵᠠᠬ᠎ᠠ ᠳᠡᠯᠭᠡᠭᠦᠷ ᠤᠨ ᠬᠢᠨᠡᠨ ᠬᠠᠮᠢᠶᠠᠷᠬᠤ ᠵᠡᠷᠭᠡ | ᠭᠤᠣᠯᠳᠠᠯᠭ᠎ᠠ ᠪᠣᠯᠬᠤ ᠬᠦᠷᠢᠶ᠎ᠡ ᠨᠦᠭᠦᠳ ᠲᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠰᠬᠠᠢ ᠮᠡᠷᠭᠡᠵᠢᠬᠦ ᠶᠢᠨ ᠬᠢᠷᠢ ᠲᠦᠪᠰᠢᠨ ᠥᠨᠳᠥᠷ ᠪᠤᠰᠤ᠂ ᠵᠢᠵᠢᠭ ᠪᠢᠴᠢᠯ ᠠᠵᠤ | ᠠᠬᠤᠶᠢᠯᠠᠯ ᠤᠳ ᠲᠠᠬᠢ ᠬᠠᠤᠯᠢ ᠴᠠᠭᠠᠵᠠ ᠶᠢᠨ ᠦᠢᠯᠡᠴᠢᠯᠡᠭᠡ ᠪᠦᠷᠢᠨ ᠲᠡᠭᠦᠯᠳᠡᠷ ᠪᠤᠰᠤ ᠪᠠᠶᠢᠭ᠎ᠠ ᠵᠡᠷᠭᠡ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ 10 ᠲᠦᠷᠦᠯ ᠤᠨ ᠲᠤᠪᠤᠶᠢᠮ᠎ᠠ ᠠᠰᠠᠭᠤᠳᠠᠯ ᠢ ᠬᠦᠴᠦᠲᠡᠢ ᠴᠡᠭᠴᠡᠯᠡᠨ | ᠵᠠᠰᠠᠵᠤ ᠪᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠣᠯᠠᠨ ᠬᠡᠮᠵᠢᠨ ᠵᠢᠷᠤᠭᠯᠠᠬᠤ ᠶᠢ ᠨᠢᠭᠡᠳᠬᠡᠬᠦ | ︾ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ 1338 ᠪᠦᠲᠦᠭᠡᠨ ᠪᠠᠶᠢᠭᠤᠯᠬᠤ ᠨᠢᠭᠡᠴᠢ ᠶᠢ | ᠪᠦᠷᠢᠳᠬᠡᠨ ᠳᠠᠩᠰᠠᠯᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ | ᠵᠥᠪᠰᠢᠶᠡᠷᠡᠬᠦ ᠪᠠ ᠬᠠᠮᠢᠶᠠᠷᠬᠤ ᠰᠢᠰᠲ᠋ᠧᠮ ᠢᠶᠠᠷ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠳ ᠤᠨ 6436 ᠬᠤᠪᠢ | ᠳ᠋ᠠᠶᠢᠲ᠋ᠠ᠂ ᠥᠯᠥ ᠬᠥᠳᠡᠯᠬᠦ ᠬᠥᠷᠥᠩᠭᠡ ᠶᠢᠨ ᠰᠢᠰᠲ᠋ᠧᠮ ᠢᠶᠠᠷ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠤᠳ ᠤᠨ | 2264 ᠬᠤᠪᠢ ᠳ᠋ᠠᠶᠢᠲ᠋ᠠ ᠶᠢ ᠬᠠᠮᠲᠤ ᠳᠤ ᠪᠠᠨ ᠬᠦᠷᠲᠡᠪᠡ︔ ᠬᠠᠤᠯᠢ ᠴᠠᠭᠠᠵᠠ ᠶᠢᠨ ᠲᠢᠩᠬᠢᠮ ︽ᠬᠠᠤᠯᠢ ᠪᠠᠷ | ᠵᠠᠰᠠᠵᠤ ᠪᠠᠶᠢᠭ᠎ᠠ ᠡᠰᠡᠬᠦ ᠶᠢ ᠨᠢ ᠪᠠᠶᠢᠴᠠᠭᠠᠬᠤ︾ ᠠᠵᠢᠯᠯᠠᠭᠠᠨ ᠢ 5900 ᠭᠠᠷᠤᠢ ᠤᠳᠠᠭ᠎ᠠ ᠵᠣᠬᠢᠶᠠᠨ ᠪᠠᠶᠢᠭᠤᠯᠤᠨ | ᠥᠷᠨᠢᠭᠦᠯᠵᠦ᠂ ᠠᠷᠠᠳ ᠠᠴᠠ ᠡᠵᠡᠩᠨᠡᠭᠰᠡᠨ 6700 ᠭᠠᠷᠤᠢ ᠠᠵᠤ ᠠᠬᠤᠶᠢᠯᠠᠯ ᠳᠤ ᠬᠠᠤᠯᠢᠴᠢᠳ ᠬᠦᠷᠴᠦ | ᠣᠴᠢᠪᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 15 ᠲᠤᠬᠠᠶᠢᠯᠠᠭᠰᠠᠨ ᠠᠵᠢᠯ ᠤᠨ | ᠱᠤᠭᠤᠮ ᠪᠠ 66 ᠵᠦᠢᠯ ᠤᠨ ᠰᠤᠭᠤᠴᠢᠵᠤ ᠰᠢᠯᠭᠠᠨ ᠪᠠᠶᠢᠴᠠᠭᠠᠬᠤ ᠵᠦᠢᠯᠡᠰ ᠢ ︽ᠬᠤᠶᠠᠷ ᠢ ᠲᠠᠰᠢᠷᠠᠮ ᠢᠶᠠᠷ | ᠰᠤᠭᠤᠴᠢᠵᠤ᠂ ᠨᠢᠭᠡ ᠶᠢ ᠢᠯᠡ ᠪᠣᠯᠭᠠᠬᠤ︾ ᠰᠤᠭᠤᠴᠢᠵᠤ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠭᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ | ᠣᠷᠣᠨ ᠤ ᠠᠯᠪᠠᠳᠠᠯᠭ᠎ᠠ ᠪᠠᠷ ᠭᠤᠶᠤᠴᠢᠯᠠᠭᠴᠢ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠵᠤ | ᠥᠷᠨᠢᠭᠦᠯᠦᠭᠰᠡᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠢ ᠵᠣᠬᠢᠴᠠᠭᠤᠯᠤᠨ ᠡᠮᠬᠢᠯᠡᠵᠦ᠂ | 13 ᠵᠦᠢᠯ ᠤᠨ ︽ᠨᠢᠭᠡ ᠠᠵᠢᠯ ᠶᠠᠪᠤᠳᠠᠯ︾ ᠢ ᠪᠦᠬᠦᠨ ᠢᠶᠠᠷ ᠨᠢ ᠰᠦᠯᠵᠢᠶᠡᠨ ᠳᠤ ᠭᠠᠷᠭᠠᠨ ᠠᠵᠢᠯᠯᠠᠭᠤᠯᠬᠤ ᠶᠢ | ᠠᠬᠢᠭᠤᠯᠪᠠ᠄ ᠠᠵᠤ ᠠᠬᠤᠶᠢᠯᠠᠯ ᠢ ᠳᠠᠩᠰᠠᠨ ᠠᠴᠠ ᠬᠠᠰᠤᠵᠤ ᠬᠦᠴᠦᠨ ᠥᠬᠡᠶ ᠪᠣᠯᠭᠠᠬᠤ᠂ ᠬᠡᠦᠬᠡᠳ ᠢᠶᠠᠨ | ᠰᠤᠷᠭᠠᠭᠤᠯᠢ ᠳᠤ ᠣᠷᠣᠭᠤᠯᠬᠤ ᠵᠡᠷᠭᠡ ᠠᠵᠢᠯ ᠶᠠᠪᠤᠳᠠᠯ ᠢ ᠨᠡᠶᠢᠲᠡ 314.01 ᠲᠦᠮᠡᠨ ᠬᠤᠪᠢ ︵ᠤᠳᠠᠭ᠎ᠠ︶ | ᠭᠦᠢᠴᠡᠳᠬᠡᠵᠡᠢ︔ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠪᠥᠬᠦ ᠣᠷᠣᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠬᠦ | 4622 ᠵᠦᠢᠯ ᠳᠤ ᠨᠢᠭᠡᠳᠦᠯᠲᠡᠶ ᠬᠡᠷᠡᠭᠵᠢᠭᠦᠯᠦᠨ ᠵᠢᠷᠤᠮᠵᠢᠭᠤᠯᠬᠤ ᠶᠢ ᠠᠬᠢᠭᠤᠯᠤᠭᠰᠠᠨ ᠪᠥᠭᠡᠳ ᠡᠯ᠎ᠡ ᠠᠶᠢᠮᠠᠭ | ᠬᠤᠲᠠ ᠨᠡᠶᠢᠲᠡ 45743 ᠵᠦᠢᠯ ᠳᠤ ᠬᠡᠷᠡᠭᠵᠢᠭᠦᠯᠦᠨ ᠵᠢᠷᠤᠮᠯᠠᠭᠰᠠᠨ ᠢ ᠨᠢ ᠨᠤᠲᠠᠯᠠᠵᠤ᠂ ᠨᠡᠶᠢᠲᠡ 37199 | ᠵᠦᠢᠯ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ 6.3 ᠲᠦᠮᠡ ᠰᠢᠬᠠᠮ | ᠭᠠᠷᠴᠠᠭ ᠢ ᠨᠡᠶᠢᠲᠡᠯᠡᠵᠦ᠂ 26 ᠳ᠋ᠦᠩᠰᠢᠭᠤᠷ ᠭᠠᠷᠤᠶ ᠵᠤᠷᠪᠤᠰ ᠳ᠋ᠠᠶᠢᠲ᠋ᠠ ᠶᠢ ᠡᠮᠬᠢᠯᠡᠨ ᠴᠤᠭᠯᠠᠭᠤᠯᠪᠠ᠃ ᠣᠲᠣ | ᠪᠣᠯᠲᠠᠯ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ︾ ︵4.0 ᠲᠥᠰᠦᠯ︶ ᠶᠢᠨ 2024 ᠠᠴᠠ 2025 | ᠣᠨ ᠳᠠᠬᠢ ᠨᠡᠶᠢᠲᠡ 160 ᠡᠭᠦᠷᠭᠡ ᠠᠴᠠ 53 ᠶᠢ ᠨᠢ ᠥᠪᠡᠷ ᠢᠶᠠᠨ ᠦᠨᠡᠯᠡᠨ ᠵᠢᠱᠢᠬᠦ ᠶᠢ ᠦᠨᠳᠦᠰᠦᠨ ᠳᠤ ᠪᠠᠨ | ᠪᠡᠶᠡᠯᠡᠭᠦᠯᠪᠡ︔ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠪᠠᠶᠢᠳᠠᠯ ᠢ ᠬᠥᠳᠡᠯᠦᠩᠭᠦᠶ ᠪᠠᠷ ᠥᠪᠡᠰᠦᠪᠡᠨ ᠪᠠᠶᠢᠴᠠᠭᠠᠬᠤ ᠭᠤᠤᠯᠳᠠᠯᠭ᠎ᠠ ᠪᠣᠯᠬᠤ 74 ᠤᠨ | ᠠᠰᠠᠭᠤᠳᠠᠯ 58 ᠶᠢ ᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ︔ 2023 ᠣᠨ ᠳᠤ ᠥᠪᠡᠷᠲᠡᠭᠡᠨ ᠵᠠᠰᠠᠬᠤ | ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ ᠬᠤᠪᠢᠶᠠᠷᠢ ᠭᠦᠢᠴᠡᠳᠬᠡᠯ | ᠲᠣᠭᠠᠨ ᠤ ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ | ᠬᠤᠯᠪᠣᠭᠳᠠᠭᠰᠠᠨ 162 ᠵᠦᠢᠯ ᠤᠨ 107 ᠵᠦᠢᠯ ᠢ ᠨᠢ ᠴᠡᠭᠴᠡᠯᠡᠨ ᠰᠠᠶᠢᠵᠢᠷᠠᠭᠤᠯᠪᠠ︔ 2023 ᠣᠨ ᠳᠤ | ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠯᠲᠡ ᠶᠢᠨ | ᠮᠡᠳᠡᠭᠦᠯᠦᠯᠲᠡ ᠳᠠᠬᠢ ᠴᠡᠭᠴᠡᠯᠡᠨ ᠰᠠᠶᠢᠵᠢᠷᠠᠭᠤᠯᠬᠤ ᠪᠤᠶᠤ ᠰᠠᠶᠢᠵᠢᠷᠠᠭᠤᠯᠬᠤ ᠡᠭᠦᠷᠭᠡ ᠳᠤ ᠬᠤᠯᠪᠣᠭᠳᠠᠭᠰᠠᠨ 1295 | ᠵᠦᠢᠯ ᠤᠨ 967 ᠵᠦᠢᠯ ᠢ ᠨᠢ ᠴᠡᠭᠴᠡᠯᠡᠨ ᠰᠠᠶᠢᠵᠢᠷᠠᠭᠤᠯᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |