ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠳᠤ ᠳᠠᠶᠢᠴᠢᠯᠠᠯᠲᠠ ᠬᠢᠪᠡ
ᠨᠡᠶᠢᠲᠡᠯᠡᠭᠰᠡᠨ ᠴᠠᠭ᠄
2025/2/7
    ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠭᠦᠳᠡ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃    ᠯᠢ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠮᠡᠳᠡᠭᠦᠯᠬᠦ ᠪᠣᠯ ᠪᠥᠬᠦ ᠤᠯᠤᠰ ᠤᠨ ᠠᠷᠠᠳ ᠲᠦᠮᠡᠨ ᠠᠴᠠ ᠵᠠᠰᠠᠭ ᠤᠨ ᠣᠷᠳᠣᠨ ᠤ ᠠᠵᠢᠯ ᠢ ᠬᠢᠨᠠᠨ ᠰᠢᠯᠭᠠᠬᠤ ᠶᠢ ᠬᠦᠯᠢᠶᠡᠬᠦ ᠶᠠᠪᠤᠳᠠᠯ ᠪᠣᠯᠣᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠭᠦᠷᠭᠡᠯᠡᠵᠦ ᠪᠦᠬᠦᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠣᠨ᠎ᠠ᠃ ᠨᠢᠭᠡ ᠬᠤᠪᠢ ᠴᠢᠨᠠᠷ ᠰᠠᠶᠢᠲᠠᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠯᠳᠦᠭᠦᠯᠬᠦ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢ ᠬᠦᠪᠴᠢᠯᠡᠨ᠂ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠤᠯᠠᠨ ᠲᠦᠮᠡᠨ ᠤ ᠬᠦᠰᠡᠵᠦ ᠪᠠᠶᠢᠭ᠎ᠠ ᠪᠠ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠶᠢ ᠭᠦᠢᠴᠡᠳ ᠢᠯᠡᠷᠡᠭᠦᠯᠦᠨ᠂ ᠢᠯᠡᠳᠬᠡᠯ ᠳᠤ ᠤᠯᠠᠮ ᠨᠢᠭᠡ ᠠᠯᠬᠤᠮ ᠰᠠᠶᠢᠲᠤᠷ ᠵᠠᠰᠠᠪᠤᠷᠢ ᠣᠷᠣᠭᠤᠯᠬᠤ ᠬᠡᠷᠡᠭᠲᠡᠢ᠃
6387445344337783867842038.jpg
    2 ᠳ᠋ᠤᠭᠠᠷ ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠦᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠤᠨ ᠡᠬᠢᠨ ᠤ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠪᠠ᠃    ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ    ᠯᠢ ᠴᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ᠂ ᠪᠠᠶᠢᠯᠳᠤᠬᠤ ᠪᠣᠳᠣᠯᠭ᠎ᠠ ᠪᠠᠶᠢᠷᠢᠯᠠᠭᠤᠯᠤᠯᠲᠠ ᠨᠢᠭᠡᠨᠲᠡ ᠮᠠᠰᠢ ᠲᠣᠳᠣᠷᠬᠠᠢ ᠪᠣᠯᠵᠠᠢ᠂ ᠨᠠᠶᠢᠳᠠᠪᠤᠷᠢᠵᠢᠭᠤᠯᠤᠯᠲᠠ ᠶᠢ ᠰᠢᠰᠲ᠋ᠧᠮᠵᠢᠭᠦᠯᠦᠨ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠪᠦᠬᠦᠯᠢ ᠴᠣᠭᠴᠠ ᠶᠢᠨ ᠡᠵᠡᠮᠳᠡᠯ ᠢ ᠴᠢᠬᠤᠯᠠᠴᠢᠯᠠᠵᠤ᠂ ᠤᠯᠤᠰ ᠤᠨ ᠳᠣᠲᠣᠭᠠᠳᠤ ᠪᠠ ᠤᠯᠤᠰ ᠤᠨ ᠭᠠᠳᠠᠭᠠᠳᠤ᠂ ᠣᠳᠣᠬᠠᠨ ᠪᠠ ᠠᠯᠤᠰ ᠬᠡᠳᠦ᠂ ᠬᠤᠷᠸ᠎ᠠ ᠪᠠ ᠪᠢᠴᠢᠯ᠂ ᠬᠥᠭᠵᠢᠯᠲᠡ ᠪᠠ ᠠᠮᠤᠷ ᠲᠦᠪᠰᠢᠨ ᠵᠡᠷᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠦᠯᠦᠪᠵᠢᠭᠦᠯᠦᠨ᠂ ᠤᠯᠠᠨ ᠳᠠᠪᠬᠤᠷ ᠬᠠᠷᠠᠯᠲᠠ ᠶᠢᠨ ᠳᠣᠣᠷᠠᠬᠢ ᠡᠯ᠎ᠡ ᠲᠠᠯ᠎ᠠ ᠶᠢᠨ ᠠᠵᠢᠯ ᠤᠨ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠦᠨᠡᠨ ᠬᠦ ᠴᠢᠩᠭᠠᠳᠬᠠᠬᠤ ᠶᠢᠨ ᠬᠠᠮᠲᠤ ᠪᠠᠰᠠ ᠰᠢᠪᠲᠤᠯᠤᠯᠲᠠ ᠬᠢᠬᠦ ᠶᠢ ᠡᠷᠢᠯᠬᠢᠯᠡᠵᠦ᠂ ᠳᠠᠯᠳᠠ ᠬᠦᠴᠦᠨ ᠢᠶᠠᠷ ᠭᠦᠢᠴᠡᠳ᠂ ᠣᠷᠣᠨ ᠵᠠᠢ ᠪᠠᠷ ᠶᠡᠭᠡ ᠬᠥᠭᠵᠢᠯᠲᠡ ᠶᠢᠨ ᠬᠦᠷᠢᠶ᠎ᠡ ᠴᠠᠷᠠᠭ᠎ᠠ ᠶᠢ ᠣᠨᠣᠪᠴᠢᠲᠠᠢ ᠡᠷᠢᠵᠦ᠂ ᠬᠦᠲᠦᠯᠦᠨ ᠳᠠᠭᠠᠭᠤᠯᠬᠤ ᠴᠢᠨᠠᠷ ᠢᠶᠠᠷ ᠴᠢᠩᠭ᠎ᠠ᠂ ᠬᠥᠰᠢᠭᠦᠷᠭᠡᠲᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠰᠠᠶᠢᠲᠤᠷ ᠰᠦᠪᠡᠭᠴᠢᠯᠡᠨ᠂ ᠪᠦᠬᠦ ᠲᠠᠯ᠎ᠠ ᠶᠢ ᠲᠠᠶᠢᠴᠢᠯᠠᠵᠤ ᠳᠡᠶᠢᠯᠬᠦ ᠨᠡᠩ ᠤᠯᠠᠨ ᠲᠣᠪᠤᠶᠢᠮ᠎ᠠ ᠬᠢᠯᠠᠰ ᠴᠡᠭ ᠢ ᠪᠤᠢ ᠪᠣᠯᠭᠠᠬᠤ ᠬᠡᠷᠡᠭᠲᠡᠢ᠃ ᠠᠵᠢᠯ ᠤᠨ ᠦᠢᠯᠡᠳᠦᠯᠭᠡ ᠳᠤᠮᠳᠠ ᠪᠠᠨ ᠰᠦᠪᠡᠭᠴᠢᠯᠡᠨ ᠪᠦᠷᠢᠯᠳᠦᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠬᠦ ᠪᠠ ᠪᠠᠶᠠᠯᠢᠭᠵᠢᠭᠤᠯᠤᠨ ᠦᠷᠭᠡᠳᠬᠡᠵᠦ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠨ᠂ ᠴᠠᠭ ᠪᠠ ᠪᠠᠶᠢᠳᠠᠯ ᠢ ᠦᠨᠳᠦᠰᠦᠯᠡᠨ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠡᠶᠢᠳᠬᠡᠬᠦ ᠳᠤ ᠲᠥᠪᠯᠡᠷᠡᠭᠦᠯᠦᠨ ᠬᠦᠴᠦᠯᠡᠵᠦ᠂ ᠠᠳᠠᠯᠢ ᠴᠢᠭᠯᠡᠯ ᠢᠶᠠᠷ ᠬᠦᠴᠦᠯᠡᠨ᠎ᠡ︔ ᠡᠩ ᠤᠨ ᠵᠤᠷᠰᠢᠯ ᠢ ᠵᠣᠷᠢᠭᠲᠠᠢ ᠪᠠᠷ ᠡᠪᠳᠡᠨ᠂ ᠮᠡᠳᠡᠷᠡᠵᠦ ᠬᠦᠷᠲᠡᠬᠦ᠋ᠢᠴᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠬᠢᠭᠡᠳ ᠵᠠᠬ᠎ᠠ ᠳᠡᠯᠭᠡᠭᠦᠷ ᠤᠨ ᠦᠢᠯᠡᠳᠦᠯᠴᠡᠯ ᠢ ᠴᠢᠩᠭᠠᠳᠬᠠᠨ᠎ᠠ᠃    ᠯᠢ ᠴᠢᠶᠠᠩ᠂ ᠨᠠᠩ ᠴᠢᠩᠭ᠎ᠠ ᠡᠭᠦᠷᠭᠡᠯᠡᠯ᠂ ᠨᠠᠩ ᠢᠳᠡᠪᠬᠢᠲᠡᠢ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠠᠨᠢᠨ ᠬᠠᠮᠲᠤ ᠪᠠᠷ ᠤᠷᠤᠭᠰᠢᠯᠠᠵᠤ᠂ ᠭᠠᠳᠠᠭᠠᠳᠤ ᠪᠠᠶᠢᠳᠠᠯ ᠤᠨ ᠬᠤᠪᠢᠷᠠᠯᠲᠠ ᠳᠤ ᠪᠤᠰᠤᠳᠴᠢ ᠬᠤᠪᠢᠰᠤᠩᠭᠤᠢ ᠪᠠᠷ ᠬᠠᠨᠳᠤᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠪᠠ ᠭᠠᠳᠠᠭᠠᠳᠤ ᠶᠢᠨ ᠥᠷᠢᠰᠦᠯᠳᠦᠭᠡᠨ ᠢ ᠠᠷᠭᠠᠴᠠᠭᠠᠬᠤ ᠶᠢ ᠨᠢᠭᠡᠳᠦᠯᠲᠡᠢ ᠲᠦᠯᠦᠪᠵᠢᠭᠦᠯᠦᠨ᠂ ᠳᠠᠷᠤᠯᠲᠠ ᠶᠢ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠳᠤ ᠪᠠᠨ ᠴᠢᠳᠠᠮᠠᠭᠠᠢ ᠪᠠᠶᠢᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠯᠤᠰ ᠢ ᠪᠣᠳᠣᠯᠬᠢᠯᠠᠨ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠡᠭᠦᠳᠬᠦ ᠬᠡᠷᠡᠭᠲᠡᠢ᠃ ᠴᠢᠷᠮᠠᠶᠢᠨ ᠠᠵᠢᠯᠯᠠᠵᠤ᠂ ᠰᠠᠶᠢᠲᠤᠷ ᠬᠢᠵᠦ ᠪᠦᠲᠦᠭᠡᠨ᠂ ᠴᠠᠭ ᠪᠢᠳᠡᠨ ᠢ ᠬᠦᠯᠢᠶᠡᠬᠦ ᠦᠭᠡᠢ ᠪᠠᠶᠢᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ ᠳᠤ ᠴᠢᠳᠠᠮᠠᠭᠠᠢ ᠪᠠᠶᠢᠵᠤ᠂ ᠠᠵᠢᠯ ᠤᠨ ᠨᠡᠪᠲᠡᠯᠬᠦ ᠬᠦᠴᠦᠨ ᠢ ᠬᠦᠴᠦᠯᠡᠨ ᠴᠢᠩᠭᠠᠳᠬᠠᠵᠤ᠂ ᠬᠠᠷᠠᠯᠲᠠ ᠶᠢ ᠲᠣᠳᠣᠷᠬᠠᠢ ᠪᠦᠭᠡᠳ ᠦᠨᠡᠯᠡᠨ ᠵᠢᠱᠢᠬᠦ᠋ᠢᠴᠡ᠂ ᠲᠦᠷᠦ ᠶᠢᠨ ᠪᠣᠳᠣᠯᠭ᠎ᠠ ᠶᠢ ᠲᠣᠳᠣᠷᠬᠠᠢ ᠪᠦᠭᠡᠳ ᠬᠡᠷᠡᠭᠵᠢᠭᠦᠯᠬᠦ᠋ᠢᠴᠡ᠂ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠭᠦᠢᠴᠡᠬᠦ ᠪᠣᠯᠭᠠᠵᠤ᠂ ᠨᠡᠩ ᠤᠯᠠᠨ ᠤᠶᠤᠨ ᠴᠢᠳᠠᠯ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠤ ᠬᠡᠷᠡᠭᠯᠡᠬᠦ ᠶᠢᠨ ᠬᠠᠮᠲᠤ ᠬᠡᠷᠡᠭᠵᠢᠭᠦᠯᠬᠦ ᠶᠠᠪᠤᠴᠠ ᠳᠤ ᠪᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠦᠬᠦᠴᠡᠯ ᠢ ᠪᠤᠢ ᠪᠣᠯᠭᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠨᠡᠩ ᠰᠠᠶᠢᠨ ᠨᠥᠬᠦᠴᠡᠯ ᠬᠠᠩᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠪᠣᠰᠬᠠᠬᠤ ᠳᠤ ᠨᠢ ᠨᠡᠩ ᠤᠯᠠᠨ ᠠᠵᠠ ᠲᠣᠬᠢᠶᠠᠯ ᠣᠯᠭᠤᠵᠤ᠂ ᠪᠦᠬᠦ ᠨᠡᠶᠢᠭᠡᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠪᠦᠷᠢᠯᠳᠦᠭᠦᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号