ᠵᠠᠰᠠᠭ ᠤᠨ ᠣᠷᠳᠣᠨ ᠤ ᠠᠵᠢᠯ ᠤᠨ ᠢᠯᠡᠳᠭᠡᠯ | | — 2025 ᠣᠨ ᠤ 3 ᠰᠠᠷ᠎ᠠ ᠶᠢᠨ 5 ᠤ ᠡᠳᠦᠷ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠭᠡᠷ᠎ᠠ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ | ᠳᠦᠯᠦᠭᠡᠯᠡᠭᠴᠢᠳ ᠡ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠶᠤᠮ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠢᠯᠠᠯᠲᠠ ᠲᠠᠢ ᠪᠠᠷ | ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠪᠢᠳᠡ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠭᠡ ᠤᠯᠤᠰ ᠢᠶᠠᠨ ᠬᠠᠶᠢᠷᠠᠯᠠᠬᠤ ᠤᠷᠬᠢᠯᠦᠮ᠎ᠠ ᠬᠠᠯᠠᠭᠤᠨ | ᠰᠡᠳᠭᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠲᠦᠢᠯ ᠤᠨ ᠶᠡᠭᠡ ᠪᠠᠷ ᠬᠥᠭᠵᠢᠭᠡᠪᠡ᠃ ᠨᠢᠭᠡ ᠵᠢᠯ ᠤᠨ ᠲᠤᠷᠰᠢ᠂ | ᠭᠠᠳᠠᠭᠠᠳᠤ ᠳᠠᠷᠤᠯᠲᠠ ᠶᠡᠬᠡᠰᠴᠦ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠲᠥᠪᠡᠭ ᠪᠤᠳᠤᠯᠢᠶᠠᠨᠲᠠᠢ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠳᠠᠭᠤᠵᠢᠨ ᠲᠡᠮᠡᠴᠡᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠶᠠᠪᠤᠭᠳᠠᠵᠤ᠂ | ᠲᠣᠭᠲᠠᠭᠤᠨ ᠤ ᠳᠤᠮᠳᠠ ᠠᠬᠢᠯᠳᠠ ᠲᠠᠢ ᠪᠤᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠭᠤᠤᠯ ᠬᠠᠷᠠᠯᠲᠠ ᠡᠭᠦᠷᠭᠡ ᠶᠢ ᠤᠷᠤᠭᠰᠢᠲᠠᠶ ᠪᠡᠶᠡᠯᠡᠬᠦᠯᠦᠨ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠯᠠᠪᠳᠠᠭᠤᠨ ᠬᠥᠭᠵᠢᠬᠦᠯᠵᠦ᠂ ᠮᠠᠨ ᠤ ᠤᠯᠤᠰ ᠤᠨ ᠠᠵᠤ | ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ | ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠳᠤ ᠰᠢᠨ᠎ᠠ | ᠠᠯᠬᠤᠮ ᠢ ᠠᠯᠬᠤᠭᠠᠳ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠷᠡᠰ ᠵᠤᠷᠢᠭ ᠪᠠ ᠢᠲᠡᠭᠡᠯ ᠵᠣᠷᠢᠭ ᠢ ᠨᠡᠩ ᠢᠯᠡᠬᠦᠦ ᠪᠠᠲᠤᠳᠬᠠᠪᠠ᠃ | ︽ᠲᠣᠭᠲᠠᠭᠤᠨ︾ ᠪᠠᠶᠢᠳᠠᠯ ᠪᠠᠬᠢᠵᠢᠨ ᠦᠷᠭᠦᠯᠵᠢᠯᠡᠪᠡ᠃ ᠭᠤᠣᠯ ᠢᠯᠡᠷᠡᠯ ᠨᠢ ᠬᠡᠪᠡᠯ᠂ ᠠᠵᠤ ᠠᠬᠤᠢ ᠶᠢᠨ | ᠬᠡᠪᠴᠢᠶ᠎ᠡ ᠶᠢ ᠯᠠᠪᠳᠠᠭᠤᠨ ᠢᠶᠠᠷ ᠥᠷᠭᠡᠳᠭᠡᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ | 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠳᠡᠯᠡᠬᠡᠶ ᠶᠢᠨ ᠭᠤᠤᠯ ᠪᠤᠯᠬᠤ ᠠᠵᠤ ᠠᠬᠤᠶ ᠶᠢᠨ ᠴᠣᠭᠴᠠ ᠶᠢᠨ ᠡᠮᠦᠨ᠎ᠠ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ | ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ 30% ᠣᠷᠴᠢᠮ ᠳᠤ ᠪᠠᠳᠤᠯᠠᠪᠠ᠃ ᠠᠵᠢᠯ | ᠣᠯᠭᠤᠯᠲᠠ᠂ ᠪᠠᠷᠠᠭᠠᠨ ᠤ ᠦᠨ᠎ᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠳᠤ ᠠᠵᠢᠯ ᠤᠯᠤᠭᠰᠠᠨ | ᠬᠦᠮᠦᠨ 1256 ᠲᠦᠮᠨ ᠰᠢᠨ᠎ᠡ ᠪᠠᠷ ᠨᠡᠮᠡᠭᠳᠡᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ | ᠳᠤᠮᠳᠠᠴᠢ ᠪᠠᠷ 5.1% ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ | ᠬᠤᠭᠤᠷᠤᠨᠳᠤᠬᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠶ ᠪᠠᠶᠢᠵᠤ᠂ ᠭᠠᠳᠠᠭᠠᠳᠤ ᠠᠷᠠᠯᠵᠢᠶᠠᠨ ᠤ | ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠬᠤᠪᠢᠳᠠᠴᠡ | ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ 3.2 ᠲᠦᠮᠡᠨ | ᠳ᠋ᠦᠩᠰᠢᠭᠤᠷ ᠳ᠋ᠣᠯᠯᠠᠷ ᠢ ᠳᠠᠪᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠡᠳᠦ ᠪᠠᠬᠢ ᠪᠠᠶᠢᠵᠤ᠂ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5.1% ᠪᠠᠷ ᠪᠣᠳᠠᠲᠠᠶ ᠨᠡᠮᠡᠭᠳᠡᠵᠦ᠂ ᠶᠠᠳᠠᠭᠤ ᠠᠴᠠ | ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠬᠦᠯᠦᠨ ᠥᠷᠭᠡᠳᠭᠡᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ | ᠠᠪᠤᠷᠠᠨ ᠲᠤᠰᠠᠯᠠᠯᠳᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠪᠠᠲᠤᠯᠠᠪᠠ᠃ | ︽ᠤᠷᠤᠭᠰᠢᠯᠠᠬᠤ︾ ᠠᠯᠬᠤᠭ᠎ᠠ ᠢᠳᠡᠷᠭᠡᠭ ᠪᠠᠳᠤ ᠪᠠᠶᠢᠨ᠎ᠠ᠃ ᠭᠤᠣᠯ ᠢᠯᠡᠷᠡᠯ ᠨᠢ ᠬᠡᠪᠡᠯ᠂ ᠠᠵᠤ ᠦᠢᠯᠡᠰ ᠤᠨ ᠳᠡᠰ | ᠳᠠᠪᠰᠢᠯᠲᠠ ᠰᠢᠨ᠎ᠡ ᠠᠬᠢᠯᠲᠠ ᠲᠠᠢ ᠪᠣᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ | ᠵᠢᠩ ᠤᠨ ᠰᠢᠨ᠎ᠡ ᠳᠡᠭᠲᠡᠷ ᠲᠤ ᠭᠠᠷᠴᠤ᠂ ᠮᠦ ᠪᠦᠷᠢ ᠶᠢᠨ ᠤᠨᠠᠯᠲᠠ 10.1 ᠵᠢᠩ ᠳᠡᠭᠡᠭᠰᠢᠯᠡᠪᠡ︔ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 8.9%᠂ 7.7% ᠪᠠᠷ | ᠨᠡᠮᠡᠭᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ | ᠳᠠᠪᠠᠪᠠ︔ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠣᠰ | ᠲᠣᠰ 10.9%᠂ 10.4% ᠪᠠᠷ ᠨᠡᠮᠡᠭᠳᠡᠪᠡ᠃ ᠰᠢᠨ᠎ᠡ ᠶᠢ ᠡᠭᠦᠳᠬᠦ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠵᠤ᠂ | ᠬᠤᠷᠠᠮᠠᠯ ᠴᠠᠬᠢᠯᠭᠠᠨ ᠬᠡᠯᠬᠢᠶ᠎ᠡ᠂ ᠵᠤᠬᠢᠶᠠᠮᠠᠯ ᠤᠶᠤᠯᠢᠭ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ | ᠬᠦᠷᠢᠶᠡᠨ ᠳᠤ ᠰᠢᠨ᠎ᠡ ᠦᠷ᠎ᠡ ᠪᠦᠲᠦᠭᠡᠯ ᠣᠯᠪᠠ︔ ︽ᠴᠠᠩ ᠧ ᠵᠢᠷᠭᠤᠳᠤᠭᠠᠷ︾ ᠬᠥᠮᠦᠨ ᠲᠥᠷᠥᠯᠬᠢᠲᠡᠨ ᠤ ᠠᠩᠬ᠎ᠠ | ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠵᠤ ᠢᠷᠡᠬᠦ ᠶᠢ ᠪᠡᠶᠡᠯᠡᠭᠦᠯᠦᠨ᠂ ︽ᠬᠦᠰᠡᠯ | ᠡᠷᠡᠮᠡᠯᠵᠡᠯ︾ ᠨᠡᠷᠡᠮᠵᠢᠲᠦ ᠶᠡᠭᠡ ᠲᠠᠯᠠᠢ ᠳᠤ ᠥᠷᠥᠮᠳᠡᠨ ᠬᠠᠶᠢᠬᠤ ᠣᠩᠭᠤᠴᠠ ᠶᠢ ᠪᠠᠶᠢᠭᠤᠯᠤᠨ ᠪᠦᠳᠦᠬᠡᠬᠡᠳ ᠵᠢᠭᠰᠠᠭᠠᠯ ᠳᠤ | ᠣᠷᠣᠭᠤᠯᠪᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠤᠬᠢᠷᠠᠭᠰᠠᠨ ᠲᠤᠭ᠎ᠠ 11.2% ᠢᠶᠠᠷ ᠨᠡᠮᠡᠭᠳᠡᠪᠡ᠃ ᠠᠮᠢ | ᠠᠬᠤᠢ ᠶᠢᠨ ᠣᠷᠴᠢᠨ ᠨᠦᠬᠦᠴᠡᠯ ᠤᠨ ᠶᠠᠰᠤ ᠴᠢᠨᠠᠷ ᠰᠢᠨ᠎ᠡ ᠰᠠᠶᠢᠵᠢᠷᠠᠯᠲᠠ ᠲᠠᠢ ᠪᠣᠯᠵᠤ᠂ ᠲᠤᠰᠬᠠᠶ ᠣᠷᠣᠨ ᠤ ᠲᠠᠰ ᠵᠢᠴᠢ | ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠭᠡᠴᠡ 2. | 7% ᠪᠠᠷ ᠪᠠᠭᠤᠷᠠᠵᠤ᠂ ᠴᠠᠪᠡᠷ ᠠᠭᠠᠷᠳᠤ ᠡᠳᠦᠷ ᠤᠨ ᠲᠤᠭ᠎ᠠ ᠶᠢᠨ ᠬᠠᠷᠢᠴᠠᠯ 87.2% ᠪᠣᠯᠤᠨ ᠳᠡᠭᠡᠭᠰᠢᠯᠡᠵᠦ᠂ | ᠭᠠᠵᠠᠷ ᠤᠨ ᠭᠠᠳᠠᠷᠭᠤ ᠶᠢᠨ ᠤᠰᠤᠨ ᠤ ᠴᠢᠨᠡᠷ ᠰᠢᠯᠢᠳᠡᠭ ᠰᠠᠶᠢᠨ ᠤᠰᠤᠨ ᠤ ᠣᠭᠲᠣᠯᠤᠭᠠᠰᠤ ᠶᠢᠨ ᠬᠠᠷᠢᠴᠠᠯ ᠢ 90.4% | ᠪᠣᠯᠲᠠᠯ᠎ᠠ ᠳᠡᠭᠡᠭᠰᠢᠯᠡᠭᠦᠯᠪᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ | ᠡᠨᠧᠷᠭᠢ ᠶᠢᠨ ᠬᠤᠷᠣᠭᠳᠠᠭᠤᠯᠤᠯ ᠤᠨ ᠪᠠᠭᠤᠷᠠᠯᠲᠠ ᠶᠢᠨ ᠬᠡᠮᠵᠢᠶ᠎ᠡ 3% ᠶᠢ ᠲᠠᠪᠠᠪᠠ︔ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠰᠢᠨ᠎ᠠ ᠪᠠᠷ ᠨᠡᠮᠡᠭᠳᠡᠭᠰᠡᠨ ᠮᠠᠰᠢᠨ ᠴᠤᠭᠴᠠᠯᠠᠪᠤᠷᠢ ᠶᠢᠨ ᠬᠡᠪᠴᠢᠶ᠎ᠠ 3.7 ᠳ᠋ᠦᠩᠰᠢᠭᠤᠷ | ᠺᠢᠯᠣᠸᠠᠲ ᠲᠤ ᠬᠦᠷᠪᠡ᠃ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠶ ᠪᠦᠬᠡᠳ ᠬᠦᠴᠦᠲᠡᠶ ᠨᠠᠶᠢᠳᠠᠪᠤᠷᠢᠵᠢᠭᠤᠯᠵᠤ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ | ᠳᠡᠯᠭᠡᠭᠦᠷ ᠢ ᠪᠠᠶᠢᠭᠤᠯᠬᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ | ᠱᠠᠳᠤᠯᠠᠨ ᠬᠤᠶᠢᠰᠢᠯᠠᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠵᠠᠯᠭᠠᠭ᠎ᠠ ᠪᠠᠷ | ᠬᠡᠷᠡᠭᠵᠢᠭᠦᠯᠪᠡ︔ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠬᠡᠬᠦᠷ ᠲᠤ ᠣᠷᠣᠬᠤ | ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦᠨ ᠢ ᠬᠦᠴᠦᠨ ᠦᠭᠡᠢ ᠪᠣᠯᠭᠠᠵᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠠᠶᠢᠭᠤᠯᠬᠤ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ | ᠪᠠᠭᠳᠠᠭᠠᠮᠵᠢ ᠶᠢ ᠨᠢ ᠥᠷᠭᠡᠳᠭᠡᠨ ᠲᠡᠰ ᠳᠡᠪᠰᠢᠭᠦᠯᠪᠡ᠃ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ | ᠪᠦᠲᠦᠮᠵᠢ ᠶᠢ ᠬᠢᠯᠪᠠᠷ ᠪᠤᠰᠤ ᠪᠠᠷ ᠣᠯᠤᠭᠰᠠᠨ ᠶᠤᠮ᠃ ᠭᠠᠳᠠᠭᠠᠳᠤ ᠣᠷᠴᠢᠨ ᠨᠦᠬᠦᠴᠡᠯ ᠤᠨ ᠬᠤᠪᠢᠷᠠᠯᠲᠠ ᠠᠴᠠ | ᠪᠣᠯᠤᠭᠰᠠᠨ ᠠᠰᠢᠭ ᠦᠭᠡᠢ ᠨᠥᠯᠥᠭᠡ ᠦᠷᠭᠦᠯᠵᠢᠯᠡᠨ ᠭᠦᠨᠵᠡᠭᠡᠶᠢᠷᠡᠵᠦ᠂ ᠤᠯᠤᠰ ᠤᠨ ᠳᠣᠲᠣᠭᠠᠳᠤ ᠶᠢᠨ ᠤᠷᠲᠤ | ᠬᠤᠭᠤᠴᠠᠭ᠎ᠠ ᠪᠠᠷ ᠬᠤᠷᠠᠮᠳᠤᠭᠰᠠᠨ ᠵᠠᠷᠢᠮ ᠭᠦᠨ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠲᠥᠪᠯᠡᠷᠡᠩᠭᠦᠢ | ᠢᠯᠡᠷᠡᠵᠦ᠂ ᠳᠣᠲᠣᠭᠠᠳᠤ ᠬᠡᠷᠡᠭᠴᠡᠭᠡ ᠮᠠᠭᠤᠳᠠᠭᠰᠠᠨ᠂ ᠵᠢᠱᠢᠯᠲᠡ ᠪᠠᠭᠤᠷᠠᠶ ᠪᠣᠯᠤᠭᠰᠠᠨ ᠵᠡᠷᠭᠡ ᠠᠰᠠᠭᠤᠳᠠᠯ ᠰᠣᠯᠪᠢᠴᠠᠨ | ᠳᠠᠪᠬᠤᠴᠠᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠣᠯᠠᠨᠲᠠ ᠭᠠᠷᠴᠤ᠂ ᠠᠵᠤ | ᠠᠬᠤᠶ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠠᠲᠤᠯᠠᠬᠤ ᠳᠤ ᠬᠦᠴᠢᠷᠳᠡᠯ ᠶᠡᠬᠡᠰᠪᠡ᠃ ᠣᠯᠠᠨ ᠳᠠᠪᠬᠤᠷ ᠬᠦᠴᠢᠷ | ᠪᠡᠷᠬᠡᠰᠢᠶᠡᠯ ᠪᠠ ᠰᠢᠯᠭᠠᠯᠳᠠ ᠶᠢᠨ ᠡᠮᠦᠨ᠎ᠡ᠂ ᠪᠢᠳᠡ ᠬᠠᠳᠠᠭᠠᠯᠠᠯᠳᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ | ᠬᠤᠷᠸ᠎ᠠ ᠲᠤᠬᠢᠷᠠᠭᠤᠯᠤᠯ ᠡᠵᠡᠮᠳᠡᠯ ᠢ ᠴᠠᠭ ᠲᠤᠨᠢ ᠲᠤᠬᠢᠷᠠᠭᠤᠯᠤᠨ ᠰᠢᠯᠢᠳᠡᠭᠵᠢᠭᠦᠯᠵᠦ᠂ ᠢᠳᠡᠪᠬᠢᠲᠡᠶ ᠪᠥᠭᠡᠳ | ᠪᠦᠲᠦᠮᠵᠢᠲᠡᠶ ᠪᠠᠷ ᠠᠷᠭᠠᠴᠠᠪᠠ᠃ ᠣᠨᠴᠠᠭᠠᠶᠢᠯᠠᠨ 9 ᠰᠠᠷ᠎ᠠ ᠶᠢᠨ 26 ᠤ ᠡᠳᠦᠷ ᠤᠨ ᠲᠥᠪ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠶ ᠪᠠᠷ ᠪᠠᠶᠢᠷᠢᠯᠠᠭᠤᠯᠤᠭᠰᠠᠨ ᠬᠠᠮ ᠨᠡᠮᠡᠭᠳᠡᠯ ᠲᠥᠷᠥ ᠶᠢᠨ | ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠢᠯᠡᠳᠲᠡ ᠡᠷᠬᠢᠵᠦ ᠰᠠᠶᠢᠵᠢᠷᠠᠬᠤ ᠶᠢ | ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠯ ᠵᠣᠷᠢᠭ ᠢ ᠪᠦᠲᠦᠮᠵᠢᠲᠡᠶ ᠬᠦᠪᠴᠢᠯᠡᠭᠰᠡᠨ ᠢᠶᠠᠷ᠂ ᠪᠦᠬᠦ ᠵᠢᠯ ᠤᠨ | ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠤᠭᠰᠠᠨ ᠮᠥᠷᠲᠡᠭᠡᠨ ᠡᠨᠡ ᠵᠢᠯ ᠤᠨ ᠬᠥᠭᠵᠢᠯᠲᠡ ᠳᠤ ᠴᠤ ᠰᠠᠶᠢᠨ ᠰᠠᠭᠤᠷᠢ ᠶᠢ | ᠲᠠᠯᠪᠢᠵᠤ ᠥᠭᠪᠡ᠃ ᠡᠨᠡ ᠶᠠᠪᠤᠴᠠ ᠳᠤ᠂ ᠪᠢᠳᠡ ᠠᠵᠤ ᠠᠬᠤᠶ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠶ | ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠪᠣᠯ | ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠪᠦᠲᠦᠮᠵᠢᠲᠡᠶ ᠵᠠᠬ᠎ᠠ | ᠳᠡᠯᠭᠡᠭᠦᠷ ᠪᠠ ᠴᠢᠷᠮᠠᠶᠢᠯᠳᠠ ᠲᠠᠢ ᠵᠠᠰᠠᠭ ᠤᠨ ᠣᠷᠳᠣᠨ᠂ ᠶᠡᠷᠦᠩᠬᠡᠶ ᠬᠠᠩᠭᠠᠯᠭ᠎ᠠ ᠪᠠ ᠶᠡᠷᠦᠩᠬᠡᠶ ᠬᠡᠷᠡᠭᠴᠡᠭᠡ᠂ ᠰᠢᠨ᠎ᠡ | ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠭᠡᠬᠦ᠂ ᠨᠡᠮᠡᠭᠳᠡᠯ ᠢ | ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠠᠮᠢᠳᠤᠯᠢᠬ ᠪᠤᠯᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠶ | ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠬᠡᠳᠦᠯᠳᠡᠢ ᠲᠥᠯᠥᠪᠯᠡᠬᠦ ᠬᠡᠷᠡᠭᠲᠡᠶ ᠭᠡᠳᠡᠭ ᠢ ᠤᠯᠠᠮ ᠨᠢᠭᠡ | ᠠᠯᠬᠤᠮ ᠲᠠᠨᠢᠵᠤ ᠣᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠠᠶᠠᠭᠠᠷ ᠢᠶᠠᠨ ᠬᠦᠴᠦ ᠪᠠᠨ ᠲᠥᠪᠯᠡᠷᠡᠭᠦᠯᠦᠨ ᠪᠡᠷᠭᠡ ᠰᠡᠳᠦᠪ ᠢ | ᠰᠢᠢᠳᠪᠤᠷᠢᠯᠡᠪᠡᠯ᠂ ᠮᠠᠨ ᠤ ᠤᠯᠤᠰ ᠤᠨ ᠬᠥᠭᠵᠢᠯᠲᠡ ᠳᠤ ᠳᠠᠪᠠᠵᠤ ᠴᠢᠳᠠᠰᠢ ᠦᠭᠡᠢ ᠪᠡᠷᠬᠡ ᠪᠣᠭᠤᠮᠲᠠ ᠭᠡᠵᠦ ᠦᠭᠡᠢ ᠶᠤᠮ | ᠭᠡᠳᠡᠭ ᠢ ᠦᠢᠯᠡᠳᠦᠯᠬᠡ ᠳᠠᠬᠢᠨᠳᠠ ᠬᠡᠷᠡᠴᠢᠯᠡᠪᠡ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ | ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ | ᠣᠷᠳᠣᠨ ᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠤᠯᠳᠠᠭᠤ ᠳᠣᠤᠷᠠᠬᠢ ᠠᠵᠢᠯ ᠤᠳ ᠢ ᠬᠢᠪᠡ᠃ | ᠨᠢᠭᠡ ᠳᠤ ᠴᠠᠭ ᠪᠤᠯᠤᠨ ᠪᠠᠶᠢᠳᠠᠯ ᠳᠤ ᠲᠤᠬᠢᠷᠠᠭᠤᠯᠤᠨ ᠬᠤᠷᠸ᠎ᠠ ᠲᠤᠬᠢᠷᠠᠭᠤᠯᠤᠯ ᠡᠵᠡᠮᠳᠡᠯ ᠢ ᠴᠢᠩᠭᠠᠳᠬᠠᠬᠤ ᠪᠠ ᠡᠨᠡ | ᠲᠠᠯ᠎ᠠ ᠪᠠᠷ ᠰᠢᠨ᠎ᠡ ᠶᠢ ᠡᠭᠦᠳᠴᠦ᠂ ᠠᠵᠤ ᠠᠬᠤᠶ ᠶᠢᠨ ᠰᠡᠷᠬᠦᠵᠤ ᠰᠠᠶᠢᠵᠢᠷᠠᠬᠤ ᠶᠢ ᠠᠬᠢᠭᠤᠯᠪᠠ᠃ ᠨᠢᠳᠤᠨᠤᠨ ᠤ ᠨᠢᠭᠡᠳᠦᠭᠡᠷ | ᠤᠯᠠᠷᠢᠯ ᠤᠨ ᠠᠵᠤ ᠠᠬᠤᠶ ᠰᠠᠶᠢᠨ ᠡᠬᠢᠯᠡᠯᠲᠡ ᠲᠠᠢ ᠪᠠᠶᠢᠬᠰᠠᠨ ᠪᠣᠯᠪᠠᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠤᠯᠵᠤ᠂ ᠬᠤᠶᠠᠳᠤᠭᠠᠷ ᠤᠯᠠᠷᠢᠯ ᠳᠤ ᠤᠷᠤᠭᠰᠠᠨ ᠤ ᠳᠠᠷᠠᠭ᠎ᠠ | ᠭᠤᠤᠯ ᠭᠤᠤᠯ ᠭᠦᠢᠴᠡᠳᠭᠡᠯ ᠲᠤᠭ᠎ᠠ ᠦᠷᠭᠦᠯᠵᠢᠯᠡᠨ ᠲᠤᠷᠤᠭᠰᠢᠯᠠᠵᠤ᠂ ᠪᠠᠭᠤᠷᠠᠬᠤ ᠳᠠᠷᠤᠯᠲᠠ ᠶᠡᠬᠡᠰᠪᠠ᠃ ᠪᠢᠳᠡ ᠦᠶᠡᠯᠡᠯ | ᠦᠭᠰᠦᠬᠦᠯᠦᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠵᠤ᠂ ᠳᠣᠪᠤᠶᠢᠮ᠎ᠠ ᠠᠰᠠᠭᠤᠳᠠᠯ ᠤᠳ ᠲᠤ ᠠᠩᠬᠠᠷᠤᠯ | ᠲᠦᠪᠯᠡᠷᠡᠬᠦᠯᠦᠨ ᠬᠠᠨᠳᠤᠯᠭᠠᠲᠤ ᠴᠢᠨᠠᠷᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠤ᠂ ᠬᠠᠳᠠᠭᠠᠯᠠᠯᠲᠠ ᠪᠣᠯᠤᠨ ᠨᠡᠮᠡᠭᠳᠡᠯ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠡᠷᠡᠭᠴᠡᠭᠡ ᠶᠢᠨ ᠨᠡᠯᠢᠶᠡᠳ ᠲᠦᠷᠭᠡᠨ ᠡᠷᠬᠢᠵᠦ | ᠰᠠᠶᠢᠵᠢᠷᠠᠬᠤ ᠶᠢ ᠠᠬᠢᠭᠤᠯᠤᠨ᠂ ᠦᠢᠯᠡᠳᠪᠦᠷᠢᠯᠡᠯ ᠤᠨ ᠨᠡᠮᠡᠭᠳᠡᠯ ᠲᠦᠷᠭᠡᠳᠴᠦ᠂ ᠵᠠᠬ᠎ᠠ ᠳᠡᠯᠭᠡᠭᠦᠷ ᠤᠨ ᠵᠢᠱᠢᠯᠲᠡ ᠢᠯᠡᠳᠲᠡ | ᠰᠠᠶᠢᠵᠢᠷᠠᠵᠤ᠂ ᠪᠦᠬᠦ ᠵᠢᠯ ᠤᠨ ᠠᠵᠤ ᠠᠬᠤᠶ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠰᠠᠶᠢᠨ᠂ ᠳᠤᠮᠳᠠ | ᠬᠤᠭᠤᠴᠠᠭᠠᠨ ᠳᠤ ᠠᠨᠠᠢ᠂ ᠰᠡᠭᠦᠯ ᠤᠨ ᠬᠤᠭᠤᠴᠠᠭᠠᠨ ᠳᠤ ᠰᠡᠷᠬᠦᠭᠰᠡᠨ ᠪᠠᠶᠢᠳᠠᠯ ᠢᠯᠡᠷᠡᠪᠡ᠃ ᠡᠳ᠋ ᠤᠨ ᠵᠠᠰᠠᠭ | ᠵᠣᠭᠤᠰᠣᠨ ᠤ ᠲᠥᠷᠥ ᠶᠢᠨ ᠪᠣᠳᠣᠯᠭ᠎ᠠ ᠶᠢ ᠬᠦᠴᠦᠲᠡᠶ ᠬᠡᠷᠡᠭᠵᠢᠭᠦᠯᠵᠦ᠂ ᠵᠠᠷᠤᠯᠭ᠎ᠠ ᠶᠢᠨ ᠬᠡᠪᠴᠢᠶ᠎ᠡ ᠶᠢ ᠥᠷᠭᠡᠳᠭᠡᠨ᠂ | ᠭᠤᠤᠯᠳᠠᠯᠭ᠎ᠠ ᠲᠠᠢ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠠᠳᠠᠭᠠᠯᠠᠮᠵᠢ ᠶᠢᠨ ᠪᠡᠯᠡᠳᠭᠡᠯ | ᠮᠥᠩᠭᠦ ᠶᠢᠨ ᠨᠤᠷᠮ᠎ᠠ ᠪᠠ ᠲᠦᠷᠦ ᠶᠢᠨ ᠪᠤᠳᠤᠯᠭ᠎ᠠ ᠶᠢᠨ ᠴᠢᠨᠠᠷᠳᠠᠢ ᠬᠦᠤ ᠮᠦᠡᠭᠬᠦ ᠶᠢᠨ ᠨᠤᠷᠮ᠎ᠠ ᠶᠢ ᠬᠤᠶᠠᠷ ᠤᠳᠠᠭ᠎ᠠ | ᠪᠠᠭᠤᠷᠠᠭᠤᠯᠵᠤ᠂ ᠨᠡᠶᠢᠭᠡᠮ ᠤᠨ ᠪᠡᠯᠡ ᠲᠤᠬᠢᠷᠠᠭᠤᠯᠭ᠎ᠠ ᠶᠢᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ | ᠪᠦᠲᠦᠮᠵᠢᠲᠡᠶ ᠬᠡᠷᠡᠭᠴᠡᠭᠡ ᠶᠢ ᠥᠷᠭᠡᠳᠭᠡᠬᠦ ᠶᠢᠨ ᠲᠣᠭᠤᠷᠢᠨ ᠳᠤ ︽ᠨᠢᠭᠡ ᠴᠢᠬᠤᠯᠠ ᠨᠢᠬᠡ ᠭᠤᠤᠯᠳᠠᠯᠭ᠎ᠠ︾ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠰᠢᠨᠡᠳᠭᠡᠬᠦ ᠪᠡ ᠰᠤᠯᠢᠬᠤ︾ ᠠᠵᠢᠯ ᠢ ᠬᠦᠴᠦᠯᠡᠨ | ᠳᠡᠮᠵᠢᠵᠦ᠂ ᠪᠡᠯᠡᠳᠭᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭᠳᠡᠵᠤ᠂ ᠭᠡᠷ ᠤᠨ ᠴᠠᠬᠢᠯᠭᠠᠨ | ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.3% ᠪᠠᠷ ᠨᠡᠮᠡᠭᠳᠡᠪᠡ᠃ ᠭᠡᠷ ᠪᠠᠶᠢᠰᠢᠩ | ᠭᠠᠵᠠᠷ ᠰᠢᠷᠤᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠳᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ | ᠤᠷᠤᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠦᠩᠬᠦ ᠶᠢᠨ ᠨᠤᠷᠮ᠎ᠠ ᠪᠠ ᠠᠩᠬ᠎ᠠ | ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠬᠠᠳᠠᠭᠠᠯᠠᠯᠳᠠ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠤ ᠮᠥᠩᠭᠦ ᠶᠢᠨ ᠵᠢᠯ ᠤᠨ ᠵᠠᠷᠤᠯᠭ᠎ᠠ ᠶᠢ ᠪᠠᠷᠤᠭ 1500 ᠳ᠋ᠦᠩᠰᠢᠭᠤᠷ ᠲᠥᠭᠦᠷᠢᠭ ᠪᠠᠭᠠᠰᠬᠠᠵᠤ᠂ | ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠭᠡᠯ ᠤᠨ ᠲᠦᠪᠰᠢᠨ ᠢ ᠳᠣᠷᠣᠭᠰᠢᠯᠠᠭᠤᠯᠵᠤ᠂ ᠬᠡᠷ ᠪᠠᠶᠢᠰᠢᠩ ᠢ ᠪᠠᠳᠤᠳᠠᠢ | ᠲᠤᠰᠢᠶᠠᠬᠤ ᠠᠵᠢᠯ ᠢ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ | ᠲᠣᠭᠲᠠᠪᠤᠷᠢᠵᠢᠭᠤᠯᠵᠤ᠂ ᠰᠠᠭᠤᠷᠢ ᠴᠢᠨᠠᠷᠲᠠᠶ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠬᠠᠷᠢᠯᠴᠠᠨ ᠰᠣᠯᠢᠬᠤ ᠳᠤ | ᠲᠦᠬᠦᠮ ᠦᠵᠡᠭᠦᠯᠬᠦ ︵SFISF︶᠂ ᠰᠲ᠋ᠤᠺ ᠢᠶᠠᠨ ᠡᠭᠡᠭᠦᠯᠦᠨ ᠬᠤᠳᠠᠯᠳᠤᠨ ᠠᠪᠴᠤ ᠬᠤᠪᠢ ᠪᠠᠨ ᠨᠡᠮᠡᠵᠦ ᠡᠵᠡᠮᠰᠢᠬᠦ ᠳᠤ | ᠲᠠᠬᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠥᠭᠵᠢᠶᠡᠨᠲᠤ ᠬᠡᠮᠵᠢᠶ᠎ᠡ ᠶᠢ | ᠳᠡᠭᠡᠭᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤᠨ ᠲᠤᠰᠬᠠᠶ ᠵᠦᠢᠯ ᠤᠨ ᠥᠷᠢ ᠥᠭᠴᠡᠭᠡ ᠶᠢᠨ | ᠬᠢᠵᠠᠭᠠᠷ ᠲᠤᠭ᠎ᠠ ᠶᠢ 6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠬᠦᠯᠤᠨ ᠬᠠᠳᠠᠭᠠᠯᠠᠯᠳᠠ ᠳᠠᠯᠳᠠ ᠥᠷᠢ ᠥᠭᠴᠡᠭᠡ ᠶᠢ | ᠰᠣᠯᠢᠪᠠ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ | ᠲᠦᠭᠰᠢᠬᠦᠷᠢ ᠶᠢ ᠠᠷᠢᠯᠭᠠᠬᠤ ᠶᠢ ᠯᠠᠪᠳᠠᠭᠤᠨ ᠳᠤᠬᠢᠳᠠᠢ ᠠᠬᠢᠭᠤᠯᠪᠠ᠃ ᠬᠤᠶᠠᠷ ᠲᠤ ᠡᠷᠡᠰ ᠭᠤᠶᠢᠪᠢᠰᠢ ᠦᠭᠡᠢ ᠪᠠᠷ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ ᠨᠡᠭᠡᠭᠡᠯᠲᠡ ᠶᠢ ᠥᠷᠭᠡᠳᠭᠡᠵᠦ᠂ ᠬᠥᠭᠵᠢᠯᠲᠡ ᠶᠢᠨ ᠳᠣᠲᠣᠭᠠᠳᠤ | ᠬᠥᠳᠡᠯᠭᠡᠭᠴᠢ ᠬᠦᠴᠦᠨ ᠢ ᠴᠢᠩᠭᠠᠳᠬᠠᠪᠠ᠃ ᠪᠦᠬᠦ ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠢ ᠬᠠᠷᠰᠢᠯᠠᠬᠤ ᠲᠤᠬᠳᠠᠭᠠᠯ | ᠪᠤᠯᠤᠨ ᠬᠢᠳᠠᠯ ᠢ ᠴᠡᠪᠡᠷᠯᠡᠨ ᠲᠢᠭᠯᠡᠬᠦ ᠪᠠ ᠬᠥᠴᠤᠨ ᠦᠭᠡᠢ ᠪᠤᠯᠭᠠᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ | ᠳᠦᠷᠢᠮ ᠢ ᠲᠣᠭᠲᠠᠭᠠᠨ ᠬᠡᠷᠡᠭᠵᠢᠭᠦᠯᠵᠦ᠂ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ | ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠯᠠᠭᠤᠯᠤᠯᠳᠠ ᠶᠢ | ᠦᠷᠭᠦᠯᠵᠢᠯᠡᠨ ᠰᠢᠯᠢᠳᠡᠭᠵᠢᠭᠦᠯᠪᠠ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢᠨ ᠲᠥᠰᠦᠯ ᠢ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ | ᠶᠠᠷᠢᠯᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ | ᠃ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠥᠷᠭᠡᠳᠭᠡᠵᠦ᠂ ᠭᠠᠳᠠᠭᠠᠳᠤ ᠤᠷᠤᠭᠤᠯᠤᠯᠲᠠ | ᠭᠠᠳᠠᠭᠠᠳᠤ ᠭᠠᠷᠭᠠᠯᠲᠠ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠭᠰᠡᠨ ᠢᠶᠠᠷ᠂ ᠠᠵᠤ ᠠᠬᠤᠶ ᠶᠢᠨ | ᠨᠡᠮᠡᠭᠳᠡᠯ ᠳᠤ ᠦᠵᠡᠭᠦᠯᠬᠦ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠬᠤᠪᠢ ᠨᠡᠮᠡᠷᠢ ᠨᠡᠮᠡᠭᠳᠡᠪᠡ᠃ ᠬᠢᠯᠢ | ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠪᠦᠬᠦ ᠲᠠᠯ᠎ᠠ ᠪᠠᠷ | ᠬᠡᠷᠡᠭᠵᠢᠭᠦᠯᠪᠠ᠃ ᠥᠷᠲᠡᠭ ᠨᠡᠮᠡᠭᠳᠡᠯ ᠤᠨ ᠴᠠᠬᠢᠯᠭᠠᠨ ᠬᠤᠯᠪᠣᠭ᠎ᠠ᠂ ᠠᠮᠢᠳᠤ ᠪᠣᠳᠠᠰ ᠤᠨ ᠮᠡᠷᠭᠡᠵᠢᠯ᠂ ᠲᠤᠰᠠᠭᠠᠷ ᠪᠡᠯᠡᠳᠦ | ᠡᠮᠨᠡᠯᠭᠡ ᠶᠢᠨ ᠬᠤᠷᠢᠶ᠎ᠠ ᠶᠢᠨ ᠨᠡᠭᠡᠭᠡᠯᠳᠡ ᠬᠢᠬᠦ ᠲᠤᠷᠰᠢᠯᠳᠠ ᠶᠢ ᠥᠷᠨᠢᠭᠦᠯᠪᠠ᠃ ᠭᠠᠭᠴᠠ ᠲᠠᠯ᠎ᠠ ᠠᠴᠠ ᠨᠡᠭᠡᠭᠡᠯᠲᠡ ᠬᠢᠬᠦ | ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠭᠦᠭᠵᠢᠯᠲᠡ ᠪᠠᠷ | ᠬᠠᠮᠤᠭ ᠤᠨ ᠳᠣᠷᠦᠶ ᠤᠯᠤᠰ ᠤᠳ ᠤᠨ ᠦᠢᠯᠡᠳᠬᠦᠨ ᠳᠤ ᠪᠦᠬᠦ ᠲᠠᠯ᠎ᠠ ᠪᠠᠷ ᠪᠣᠭᠤᠮᠲᠠ ᠶᠢᠨ ᠭᠠᠶᠢᠯᠢ ᠥᠯᠥ ᠬᠤᠷᠢᠶᠠᠬᠤ | ᠬᠠᠷᠠᠭᠠᠯᠵᠠᠯ ᠦᠵᠡᠭᠦᠯᠪᠠ᠃ ᠭᠠᠭᠴᠠ ᠲᠠᠯ᠎ᠠ ᠠᠴᠠ ᠸᠢᠰᠠ ᠦᠯᠤ ᠲᠠᠮᠠᠭᠠᠯᠠᠬᠤ ᠤᠯᠤᠰ ᠤᠨ ᠬᠡᠪᠴᠢᠶ᠎ᠡ ᠶᠢ ᠥᠷᠭᠡᠳᠭᠡᠵᠦ᠂ | ᠬᠢᠯᠢ ᠪᠠᠷ ᠥᠩᠭᠡᠷᠡᠬᠦ ᠳᠤ ᠸᠢᠰᠠ ᠦᠯᠤ ᠲᠠᠮᠠᠭᠠᠯᠠᠬᠤ ᠬᠢᠯᠢ ᠶᠢᠨ ᠳᠣᠲᠣᠷ᠎ᠠ ᠰᠠᠭᠠᠲᠠᠬᠤ ᠴᠠᠭ ᠢ 240 ᠴᠠᠭ ᠪᠣᠯᠭᠠᠨ | ᠤᠷᠲᠤᠳᠬᠠᠬᠰᠠᠨ ᠢᠶᠠᠷ᠂ ᠬᠢᠯᠢ ᠳᠤ ᠣᠷᠣᠬᠤ ᠵᠢᠭᠤᠯᠴᠢᠯᠠᠯ ᠦᠷᠭᠦᠯᠵᠢᠯᠡᠨ ᠰᠠᠶᠢᠵᠢᠷᠠᠪᠠ᠃ ︽ᠨᠢᠭᠡ ᠪᠦᠰᠡ ᠨᠢᠭᠡ ᠵᠠᠮ︾ | ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ | ᠢᠨᠵᠧᠨᠧᠷᠢᠩ᠂ ᠠᠷᠠᠳ ᠤᠨ ᠠᠮᠢᠳᠤᠷᠠᠯ ᠤᠨ ᠲᠦᠰᠦᠯ ᠢ ᠯᠠᠪᠳᠠᠭᠤᠨ ᠢᠶᠠᠷ ᠬᠡᠷᠡᠭᠵᠢᠭᠦᠯᠪᠡ᠃ ᠭᠤᠷᠪᠠ ᠳᠤ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠬᠤᠯᠠ ᠶᠡᠭᠡ ᠲᠤᠰᠬᠠᠶ ᠲᠦᠰᠦᠯ ᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠵᠦ᠂ ᠰᠢᠨ᠎ᠡ ᠶᠢ | ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠪᠠ᠃ ᠠᠵᠤ ᠦᠢᠯᠡᠳᠪᠦᠷᠢ ᠶᠢᠨ ᠠᠵᠤ | ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ | ᠳᠡᠪᠰᠢᠬᠦᠯᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 9. 2% ᠢᠶᠠᠷ ᠨᠡᠮᠡᠭᠳᠡᠭᠦᠯᠪᠡ᠃ ᠨᠢᠭᠡ | ᠪᠦᠯᠦᠭ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠬᠡᠬᠡᠨᠡᠷᠡᠯ ᠢ ᠰᠢᠨ᠎ᠡ ᠪᠠᠷ ᠪᠤᠶᠢᠵᠢᠭᠤᠯᠵᠤ᠂ | ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤ ᠶᠢᠨ ᠰᠢᠰᠲ᠋ᠧᠮ ᠤᠨ ᠬᠡᠷᠡᠭᠯᠡᠭᠡ᠂ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ ᠲᠦᠷᠭᠡᠨ ᠬᠥᠭᠵᠢᠪᠡ᠃ | ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ | ᠲᠣᠭᠲᠠᠭᠠᠬᠰᠠᠨ ᠪᠠ ᠵᠠᠰᠠᠨ ᠲᠤᠭᠳᠠᠭᠠᠪᠠ᠃ ᠳ᠋ᠢᠵᠢᠲ᠋ᠠᠯ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠳ᠋ᠢᠵᠢᠲ᠋ᠠᠯ ᠠᠵᠤ ᠠᠬᠤᠶ ᠶᠢᠨ ᠭᠤᠤᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠳᠡᠭ ᠲᠤ ᠡᠵᠡᠯᠡᠬᠦ ᠬᠤᠪᠢ ᠶᠢᠨ ᠵᠢᠩ 10% ᠣᠷᠴᠢᠮ ᠳᠤ ᠬᠦᠷᠪᠠ᠃ | ᠲᠦᠷᠪᠡ ᠳᠤ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠠᠵᠤ | ᠠᠬᠤᠶ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠪᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠤᠳᠤᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ | ᠰᠢᠨᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠤᠷᠮ᠎ᠠ ᠶᠢ 67% ᠪᠣᠯᠲᠠᠯ᠎ᠠ ᠳᠡᠭᠡᠭᠰᠢᠯᠡᠭᠦᠯᠪᠠ᠃ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ | ᠪᠠᠲᠤᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠵᠢᠯ ᠰᠢᠨ᠎ᠡ ᠦᠷ᠎ᠡ ᠪᠦᠲᠦᠮᠵᠢ ᠤᠯᠪᠠ᠃ ᠣᠷᠣᠨ ᠪᠦᠰᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠨᠤᠭᠤᠳ ᠢ | ᠨᠡᠶᠢᠲᠡᠯᠡᠨ᠂ ᠣᠷᠣᠨ ᠪᠦᠰᠡ ᠶᠢᠨ ᠴᠢᠬᠤᠯᠠ ᠶᠡᠭᠡ ᠲᠦᠰᠦᠯ ᠤᠳ ᠢ ᠬᠡᠷᠡᠭᠵᠢᠭᠦᠯᠵᠦ᠂ ᠪᠡᠶᠡᠴᠢ ᠴᠣᠭᠴᠠ ᠶᠢᠨ ᠴᠢᠳᠠᠮᠵᠢᠳᠤ | ᠣᠷᠣᠨ ᠤ ᠲᠦᠷᠢᠮ ᠲᠥᠷᠦ ᠶᠢᠨ ᠪᠣᠳᠣᠯᠭ᠎ᠠ ᠶᠢ ᠪᠥᠷᠢᠨᠰᠢᠭᠦᠯᠵᠦ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠬᠦᠯᠬᠦ | ᠠᠵᠢᠯ ᠰᠢᠨ᠎ᠡ ᠠᠬᠢᠯᠲᠠ ᠲᠠᠢ ᠪᠣᠯᠪᠠ᠃ ᠲᠠᠪᠤ ᠳᠤ ᠨᠡᠶᠢᠭᠡᠮ ᠤᠨ ᠦᠢᠯᠡᠰ ᠢ ᠢᠳᠡᠪᠬᠢᠲᠡᠶ ᠬᠥᠭᠵᠢᠭᠦᠯᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠴᠢᠨᠠᠷ ᠰᠠᠶᠢᠲᠠᠶ ᠪᠦᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠣᠯᠭᠤᠬᠤ ᠶᠢ ᠳᠡᠮᠵᠢᠬᠦ ᠪᠠᠨ | ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ | ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ | ᠪᠠᠲᠤᠯᠠᠪᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠠ᠃ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠭᠡᠵᠦ᠂ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠥᠰᠭᠡᠵᠦ ᠬᠦᠦ ᠮᠥᠩᠭᠦ ᠶᠢ ᠨᠢ ᠪᠠᠭᠤᠷᠠᠭᠤᠯᠤᠨ᠂ | ᠰᠤᠷᠤᠭᠴᠢᠳ ᠲᠤ 3400 ᠭᠠᠷᠤᠶ ᠲᠦᠮᠡᠡ ᠬᠦᠮᠦᠨ ᠤᠳᠠᠭ᠎ᠠ ᠠᠰᠢᠭ ᠬᠦᠷᠲᠡᠭᠡᠪᠡ᠃ ︽ᠬᠤᠶᠠᠷ ᠢ ᠬᠥᠡᠭᠭᠡᠷᠡᠭᠦᠯᠭᠦ︾ | ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠠ᠃ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ | ᠠᠬᠢᠭᠤᠯᠵᠤ᠂ ᠦᠨᠳᠦᠰᠦᠨ ᠱᠠᠲᠤᠨ ᠤ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ | ᠡᠮ ᠤᠨ ᠲᠥᠷᠥᠯ ᠵᠦᠢᠯ ᠢ ᠥᠷᠭᠡᠳᠭᠡᠪᠠ᠃ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠭᠡᠪᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠭᠤᠷᠤᠯᠴᠤᠳ ᠤᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ ᠲᠦᠷᠦ ᠶᠢᠨ ᠪᠤᠳᠤᠯᠭ᠎ᠠ ᠶᠢ ᠲᠣᠭᠲᠠᠭᠠᠪᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠪᠠ᠃ ᠠᠰᠠᠷᠠᠨ ᠬᠠᠷᠠᠭᠠᠯᠵᠠᠬᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠠ᠃ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠠᠪᠤᠷᠠᠨ ᠲᠤᠰᠠᠯᠠᠬᠤ | ᠡᠲᠡᠭᠡᠳ ᠤᠨ ᠬᠦᠷᠢᠶ᠎ᠡ ᠬᠡᠪᠴᠢᠶ᠎ᠡ ᠶᠢ ᠥᠷᠭᠡᠳᠭᠡᠪᠠ᠃ ᠬᠦᠴᠢᠷᠳᠡᠯ ᠲᠠᠢ ᠤᠯᠠᠨ ᠲᠦᠮᠡᠨ ᠳᠤ ᠨᠢᠭᠡ ᠤᠳᠠᠭ᠎ᠠ ᠶᠢᠨ | ᠴᠢᠨᠠᠷᠲᠠᠶ ᠠᠮᠢᠳᠤᠷᠠᠯ ᠤᠨ ᠨᠥᠬᠦᠪᠥᠷᠢ ᠣᠯᠭᠤᠵᠤ᠂ 1100 ᠭᠠᠷᠤᠶ ᠲᠦᠮᠡᠨ ᠬᠥᠮᠦᠨ ᠳᠤ ᠠᠰᠢᠭ ᠬᠦᠷᠲᠡᠭᠡᠪᠡ᠃ ᠪᠦᠬᠦ | ᠤᠯᠤᠰ ᠤᠨ ᠴᠠᠭᠠᠨ ᠰᠠᠷ᠎ᠠ ᠵᠢᠴᠢ ᠳᠤᠷᠠᠰᠬᠠᠯ ᠤᠨ ᠡᠳᠦᠷ ᠤᠨ ᠴᠢᠯᠥᠭᠡ ᠲᠠᠯᠪᠢᠬᠤ ᠠᠷᠭ᠎ᠠ ᠶᠢ ᠲᠡᠭᠦᠯᠳᠡᠷᠵᠢᠬᠦᠯᠪᠡ᠃ | ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠶᠡᠨᠲᠡᠶ ᠪᠣᠯᠭᠠᠪᠠ᠃ ᠵᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ | ᠤᠯᠠᠷᠢᠯ ᠤᠨ ᠪᠡᠶ᠎ᠠ ᠶᠢᠨ ᠲᠠᠮᠢᠷ ᠤᠨ ᠴᠤᠭᠯᠠᠭᠠᠨ ᠢ ᠯᠠᠪᠳᠠᠭᠤᠨ ᠪᠠᠲᠤᠲᠠᠢ ᠪᠡᠯᠡᠳᠭᠡᠵᠦ᠂ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠵᠤ᠂ ᠮᠠᠨ ᠤ ᠤᠯᠤᠰ ᠤᠨ ᠲᠠᠮᠢᠷᠴᠢᠳ ᠫᠠᠷᠢᠰ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ ᠳᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠭᠰᠠᠨ ᠬᠠᠮᠤᠭ ᠤᠨ ᠰᠠᠶᠢᠨ ᠬᠢᠷᠢ | ᠪᠦᠲᠦᠮᠵᠢ ᠶᠢ ᠤᠯᠪᠠ᠃ ᠵᠢᠷᠭᠤᠭ᠎ᠠ ᠳᠤ ᠠᠮᠢ ᠠᠬᠤᠢ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ | ᠴᠢᠩᠭᠠᠳᠬᠠᠵᠤ᠂ ᠨᠤᠭᠤᠭᠠᠨ ᠪᠦᠬᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃ | ᠠᠮᠢ ᠠᠬᠤᠢ ᠶᠢᠨ ᠣᠷᠴᠢᠨ ᠨᠦᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯ ᠪᠣᠯᠬᠤ ᠪᠣᠬᠢᠷᠳᠤᠭᠤᠯᠬᠤ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠡ᠃ ᠴᠢᠬᠤᠯᠠ ᠠᠮᠢ ᠠᠬᠤᠶ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶᠢᠷᠡᠬᠦᠯᠦᠨ ᠬᠡᠷᠡᠭᠵᠢᠭᠦᠯᠵᠦ᠂ ᠴᠦᠯᠵᠢᠭᠰᠡᠨ᠂ | ᠡᠯᠡᠰᠦᠵᠢᠭᠰᠡᠨ ᠭᠠᠵᠠᠷ ᠰᠢᠷᠣᠶ ᠶᠢᠨ ᠲᠠᠯᠠᠪᠠᠢ ᠦᠷᠭᠦᠯᠵᠢᠯᠡᠨ ︽ᠬᠤᠶᠠᠷ ᠪᠠᠭᠠᠰᠬᠠᠯᠲᠠ︾ ᠶᠢ ᠪᠡᠶᠡᠯᠡᠭᠦᠯᠪᠡ᠃ ᠠᠮᠢᠳᠣ | ᠪᠣᠳᠠᠰ ᠤᠨ ᠣᠯᠠᠨ ᠶᠠᠩᠵᠣᠳᠣ ᠴᠢᠨᠠᠷ ᠢ ᠬᠠᠮᠠᠭᠠᠯᠠᠬᠤ ᠠᠵᠢᠯ ᠢᠳᠡᠪᠬᠢᠳᠡᠢ ᠦᠷ᠎ᠡ ᠪᠦᠳᠦᠮᠵᠢ ᠣᠯᠵᠣ᠂ ᠶᠡᠭᠡ ᠬᠡᠮᠵᠢᠶᠡᠨ ᠤ | ᠬᠤᠪᠣᠷ ᠴᠣᠬᠠᠭ ᠣᠰᠠᠳᠬᠤ ᠠᠶᠣᠯ ᠲᠠᠢ ᠪᠠᠶᠢᠭ᠎ᠠ ᠬᠡᠭᠡᠷ᠎ᠡ ᠶᠢᠨ ᠠᠮᠢᠳᠠᠨ ᠣᠷᠭᠤᠮᠠᠯ ᠤᠨ ᠳᠦᠷᠰᠦ ᠰᠦᠷᠦᠭ | ᠳᠣᠭᠳᠠᠭᠤᠨ ᠢᠶᠠᠷ ᠨᠡᠮᠡᠭᠳᠡᠪᠡ᠃ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ | ᠠᠰᠢᠭᠯᠠᠬᠤ ᠶᠢ ᠠᠬᠢᠭᠤᠯᠵᠤ᠂ ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ | ᠶᠡᠷᠦᠩᠬᠡᠶ ᠴᠠᠬᠢᠯᠭᠠᠨ ᠭᠠᠷᠭᠠᠬᠤ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 40% ᠳᠤ ᠤᠢᠢᠷᠠᠳᠤᠭᠤᠯᠪᠠ᠃ ᠪᠦᠬᠦ | ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ | ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶ᠎ᠠ ᠨᠡᠩ ᠬᠥᠭᠵᠢᠶᠡᠨᠲᠡᠶ ᠪᠣᠯᠪᠠ᠃ ᠲᠤᠯᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠤᠨ | ᠲᠥᠪ ᠬᠤᠷᠢᠶ᠎ᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠰᠣᠷᠳᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠭᠦᠨᠵᠡᠭᠡᠶ ᠵᠠᠰᠠᠵᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠠᠯ ᠢ ᠡᠰᠡᠷᠭᠦᠴᠡᠬᠦ | ᠲᠡᠮᠡᠴᠡᠯ ᠢ ᠦᠷᠭᠦᠯᠵᠢᠯᠡᠨ ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠬᠦᠯᠦᠨ ᠠᠬᠢᠭᠤᠯᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 19 ᠬᠤᠪᠢ | ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 28 ᠬᠤᠪᠢ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ | ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ | ᠪᠠᠶᠢᠴᠠᠭᠠᠯᠲᠠ ᠶᠢ ᠵᠢᠷᠤᠮᠵᠢᠭᠤᠯᠪᠠ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠬᠤᠶᠠᠷ | ᠪᠦᠯᠦᠭ ᠭᠤᠤᠯᠳᠠᠯᠭ᠎ᠠ ᠲᠠᠢ ᠵᠦᠢᠯᠡᠰ ᠤᠨ ᠲᠣᠲᠣᠷᠬᠠᠢ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠪᠠ᠃ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠤᠨ | ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠪᠡ᠃ ᠵᠥᠷᠢᠴᠡᠯ ᠵᠠᠭᠤᠷᠠᠯᠳᠤᠭᠠᠨ ᠢ ᠰᠠᠮᠨᠠᠨ ᠪᠠᠶᠢᠴᠠᠭᠠᠵᠤ | ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠪᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠥᠬᠡᠶ ᠦᠢᠯᠡᠳᠪᠦᠷᠢᠯᠡᠯ ᠢ ᠴᠢᠩᠭᠠᠷᠠᠭᠤᠯᠵᠤ᠂ ᠰᠢᠲᠠᠮᠠᠬᠠᠶ ᠬᠡᠶ᠂ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠶᠢᠨ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶᠡᠨ ᠳᠤᠨᠢ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠪᠡ᠃ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ | ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠠᠷᠭᠠᠴᠠᠪᠡ᠃ ᠤᠯᠤᠰ ᠤᠨ ᠠᠮᠤᠷ ᠲᠦᠪᠰᠢᠨ ᠤ | ᠰᠢᠰᠲ᠋ᠧᠮ ᠢ ᠲᠡᠭᠦᠯᠳᠡᠷᠵᠢᠭᠦᠯᠪᠡ᠃ ᠬᠡᠲᠦᠷᠡᠮᠡᠬᠡᠶ ᠬᠡᠷᠡᠭ ᠪᠠ ᠬᠡᠳᠦᠷᠡᠮᠡᠬᠡᠢ ᠬᠡᠷᠡᠭ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠵᠦ | ᠬᠠᠷ᠎ᠠ ᠬᠤᠤᠷᠳᠠᠢ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ | ᠰᠢᠨ᠎ᠡ ᠪᠠᠶᠢᠳᠠᠯ ᠢ ᠡᠬᠦᠳᠦᠨ ᠨᠡᠬᠡᠬᠡᠪᠡ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ | ᠬᠥᠮᠦᠰ ᠤᠯᠠᠨ ᠤᠯᠤᠰ ᠲᠤ ᠠᠶᠢᠯᠴᠢᠯᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠲᠦᠷᠦᠭᠦᠴᠦᠳ ᠤᠨ ᠬᠤᠷᠠᠯᠳᠤᠭᠠᠨ᠂ BRICS ᠤᠯᠤᠰ ᠤᠳ ᠤᠨ ᠤᠳᠤᠷᠢᠳᠬᠤ ᠬᠥᠮᠦᠰ ᠤᠨ ᠠᠭᠤᠯᠵᠠᠯᠲᠠ᠂ ᠠᠽᠢᠶ᠎ᠠ | ᠨᠤᠮᠤᠬᠠᠨ ᠳᠠᠯᠠᠢ ᠶᠢᠨ ᠤᠷᠤᠨ ᠤ ᠠᠵᠤ ᠠᠬᠤᠢ ᠶᠢᠨ ᠬᠠᠮᠳᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠬᠥᠮᠦᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ | ᠲᠦᠷᠦᠭᠦᠴᠦᠳ ᠤᠨ ᠬᠤᠷᠠᠯᠳᠤᠭᠠᠨ᠂ ᠵᠡᠬᠦᠨ ᠠᠽᠢᠶ᠎ᠠ ᠶᠢᠨ ᠬᠠᠮᠳᠤᠷᠠᠯᠴᠠᠭᠠᠨ ᠤ ᠤᠳᠤᠷᠢᠳᠬᠤ ᠬᠦᠮᠦᠰ ᠤᠨ ᠰᠢᠷᠢᠰ | ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠳᠤ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ | ᠬᠤᠷᠠᠯ᠂ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠲᠠᠰ ᠤᠨ ᠬᠤᠷᠠᠯᠳᠤᠭᠠᠨ | ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠪᠠᠬᠢᠵᠢᠭᠦᠯᠦᠨ ᠥᠷᠭᠡᠳᠭᠡᠵᠦ᠂ ᠵᠢᠩᠬᠢᠨᠢ ᠤᠯᠠᠨ ᠲᠠᠯᠠᠲᠤ ᠦᠵᠡᠯ ᠢ | ᠪᠠᠷᠢᠮᠲᠠᠯᠠᠵᠤ᠂ ᠪᠦᠬᠦ ᠪᠥᠮᠪᠥᠷᠴᠡᠭ ᠤᠨ ᠴᠢᠨᠠᠷᠲᠠᠶ ᠰᠢᠯᠭᠠᠯᠲᠠ ᠶᠢ ᠠᠷᠭᠠᠴᠠᠬᠤ ᠪᠤᠯᠤᠨ ᠤᠯᠠᠨ ᠤᠯᠤᠰ ᠤᠨ ᠪᠠ ᠭᠠᠵᠠᠷ | ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠶ ᠪᠦᠬᠡᠳ ᠪᠦᠲᠦᠭᠡᠯᠴᠢ ᠴᠢᠨᠠᠷᠲᠠᠶ | ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠶ ᠶᠢᠨ ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ | ᠴᠢᠬᠤᠯᠠ ᠬᠤᠪᠢ ᠨᠡᠮᠡᠷᠢ ᠦᠵᠡᠭᠦᠯᠪᠡ᠃ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠶᠢᠨ | ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ | ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠬᠦ ᠨᠠᠮ | ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ | ᠪᠣᠯᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠥᠶᠡ︕ ᠰᠢᠶᠠᠩᠭᠠᠩ ᠤᠨ ᠵᠠᠰᠠᠭ | ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ | ᠳᠡᠭᠦᠦ ᠨᠡᠷ᠂ ᠲᠠᠶᠢᠸᠠᠨ ᠤ ᠠᠬ᠎ᠠ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ | ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠠᠮᠵᠢᠯᠲᠠ ᠪᠠᠨ | ᠨᠤᠲᠠᠯᠠᠬᠤ ᠶᠢᠨ ᠵᠡᠷᠭᠡ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ | ᠬᠠᠷᠠᠪᠠ᠃ ᠳᠡᠯᠡᠬᠡᠶ ᠶᠢᠨ ᠪᠠᠶᠢᠳᠠᠯ ᠠᠴᠠ ᠦᠵᠡᠪᠡᠯ᠂ ᠳᠡᠯᠡᠬᠡᠶ ᠶᠢᠨ ᠵᠠᠭᠤᠨ ᠵᠢᠯ ᠤᠨ ᠬᠤᠪᠢᠰᠤᠯᠲᠠ ᠲᠦᠷᠭᠡᠨ ᠢᠶᠠᠷ ᠤᠯᠠᠷᠢᠨ | ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠲᠦᠪᠡᠭ ᠪᠤᠳᠤᠯᠢᠶᠠᠨᠲᠠᠶ ᠬᠦᠨᠳᠦ ᠬᠡᠴᠡᠭᠦᠦ ᠪᠤᠯᠵᠤ ᠪᠠᠶᠢᠬᠤ ᠨᠢ ᠮᠠᠨ ᠤ | ᠤᠯᠤᠰ ᠤᠨ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠡᠩ ᠶᠡᠭᠡ ᠲᠠᠭᠠᠷᠢᠯᠳᠠ | ᠤᠴᠠᠷᠠᠭᠤᠯᠵᠤ ᠮᠡᠳᠡᠨ᠎ᠡ᠃ ᠳᠡᠯᠡᠬᠡᠶ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ | ᠪᠠᠶᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ | ᠬᠠᠷᠰᠢ ᠰᠠᠭᠠᠳ ᠲᠤ ᠤᠴᠠᠷᠠᠵᠤ᠂ ᠪᠣᠭᠤᠮᠲᠠ ᠶᠢᠨ ᠭᠠᠶᠢᠯᠢ ᠶᠢᠨ ᠬᠤᠷᠢᠭ᠎ᠠ ᠰᠠᠭᠠᠳ ᠨᠡᠮᠡᠭᠳᠡᠵᠦ ᠪᠠᠶᠢᠬᠤ ᠨᠢ ᠪᠦᠬᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ ᠳᠠᠭᠠᠷᠢᠯᠲᠠ | ᠤᠴᠠᠷᠠᠭᠤᠯᠵᠤ᠂ ᠣᠯᠠᠨ ᠤᠯᠤᠰ ᠤᠨ ᠠᠵᠤ ᠠᠬᠤᠶ ᠶᠢᠨ ᠣᠷᠴᠢᠯ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ᠃ ᠭᠠᠵᠠᠷ | ᠣᠷᠣᠨ ᠤ ᠤᠯᠤᠰ ᠲᠥᠷᠥ ᠶᠢᠨ ᠪᠠᠴᠢᠮ ᠬᠦᠴᠦᠨ ᠵᠦᠢᠯ ᠮᠥᠨ ᠬᠦ ᠨᠡᠯᠢᠶᠡᠳ ᠣᠯᠠᠨ ᠤᠷᠤᠰᠢᠵᠤ ᠪᠠᠶᠢᠬᠤ ᠨᠢ ᠪᠦᠬᠦ | ᠪᠥᠮᠪᠥᠷᠴᠡᠭ ᠤᠨ ᠵᠠᠬ᠎ᠠ ᠳᠡᠯᠭᠡᠭᠦᠷ ᠤᠨ ᠵᠢᠱᠢᠯᠲᠡ ᠪᠣᠯᠤᠨ ᠪᠡᠯᠡ ᠣᠷᠣᠭᠤᠯᠤᠯᠲᠠ ᠶᠢᠨ ᠢᠲᠡᠭᠡᠯ ᠵᠤᠷᠢᠭ ᠢ ᠨᠥᠯᠥᠭᠡᠯᠡᠵᠦ᠂ | ᠤᠯᠠᠨ ᠤᠯᠤᠰ ᠤᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠠᠶᠤᠯ ᠲᠦᠭᠰᠢᠭᠦᠷᠢ ᠶᠢ ᠨᠡᠮᠡᠭᠳᠡᠬᠦᠯᠵᠦ ᠪᠠᠶᠢᠨ᠎ᠠ᠃ ᠤᠯᠤᠰ ᠤᠨ | ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠰᠠᠭᠤᠷᠢ ᠪᠠᠰᠠ ᠲᠣᠭᠲᠠᠭᠤᠨ ᠪᠢᠰᠢ | ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠷᠡᠭᠯᠡᠭᠡ ᠠᠨᠠᠢ ᠪᠠᠶᠢᠨ᠎ᠠ᠃ ᠬᠡᠰᠡᠭ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠶᠢᠯᠠᠯ ᠤᠨ ᠠᠪᠴᠠᠭᠠᠨ ᠤ ᠵᠤᠭᠤᠰ ᠢ | ᠥᠷᠢᠲᠦᠬᠦ ᠠᠰᠠᠭᠤᠳᠠᠯ ᠮᠥᠨ ᠬᠦ ᠨᠡᠯᠢᠶᠡᠳ ᠲᠣᠪᠤᠶᠢᠮ᠎ᠠ ᠪᠠᠶᠢᠨ᠎ᠠ᠃ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠳᠤ ᠳᠠᠷᠤᠯᠲᠠ ᠲᠤᠯᠭᠠᠷᠠᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ | ᠪᠠᠶᠢᠨ᠎ᠠ᠃ ᠵᠠᠷᠢᠮ ᠣᠷᠣᠨ ᠨᠤᠳᠤᠭ ᠤᠨ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠨ᠎ᠠ᠃ | ᠨᠡᠶᠢᠭᠡᠮ ᠤᠨ ᠵᠥᠷᠢᠴᠡᠯ ᠢ ᠠᠷᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠠᠰᠠ ᠴᠢᠩᠭᠠᠳᠬᠠᠬᠤ | ᠴᠢᠬᠤᠯᠠᠲᠠᠶ ᠪᠠᠶᠢᠨ᠎ᠠ᠃ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ | ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠵᠠᠷᠢᠮ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ | ᠦᠭᠡᠢ ᠪᠠᠶᠢᠵᠤ᠂ ᠵᠠᠷᠢᠮ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠤᠳᠠᠭᠠᠪᠲᠤᠷ ᠪᠠᠶᠢᠵᠤ᠂ ᠦᠷ᠎ᠡ | ᠪᠦᠲᠦᠮᠵᠢ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠵᠠᠷᠢᠮ ᠰᠠᠯᠠᠭ᠎ᠠ ᠮᠥᠴᠢᠷ ᠤᠨ ᠦᠢᠯᠡᠴᠢᠯᠡᠭᠡᠨ ᠤ ᠤᠬᠠᠮᠰᠠᠷ ᠨᠢ | ᠴᠢᠩᠭ᠎ᠠ ᠪᠢᠰᠢ᠂ ᠬᠡᠷᠡᠭ ᠡᠷᠬᠢᠯᠡᠬᠦ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠵᠠᠷᠢᠮ ᠺᠠᠳ᠋ᠷ ᠳᠤᠷ᠎ᠠ ᠪᠠᠷ ᠢᠶᠠᠨ | ᠦᠢᠯᠡᠳᠴᠦ᠂ ᠡᠰᠡ ᠦᠢᠯᠡᠳᠴᠦ᠂ ᠦᠢᠯᠡᠳᠬᠦᠢ ᠳᠤᠷ ᠴᠢᠳᠠᠮᠠᠭᠠᠢ ᠪᠤᠰᠤ ᠪᠠᠶᠢᠵᠤ᠂ ᠵᠠᠷᠢᠮ ᠬᠦᠷᠢᠶ᠎ᠡ ᠪᠠ ᠣᠷᠣᠨ | ᠨᠤᠲᠤᠭ ᠲᠤ ᠢᠯᠵᠢᠷᠠᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠬᠦᠴᠢᠷᠳᠡᠯ ᠪᠠ ᠠᠰᠠᠭᠤᠳᠠᠯ ᠳᠤ | ᠵᠥᠪ ᠢᠶᠠᠷ ᠬᠠᠨᠳᠤᠬᠤ ᠬᠡᠷᠡᠭᠳᠠᠢ ᠮᠥᠷᠲᠡᠭᠡᠨ ᠨᠡᠩ ᠴᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ᠃ | ᠮᠠᠨ ᠤ ᠤᠯᠤᠰ ᠢᠯᠡᠳᠲᠡ ᠪᠠᠶᠢᠭᠤᠯᠤᠯ ᠤᠨ ᠳᠠᠪᠠᠭᠤᠯᠢᠭ ᠲᠠᠢ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ᠂ ᠪᠦᠷᠢᠨ | ᠲᠦᠬᠦᠷ ᠠᠵᠤ ᠦᠢᠯᠡᠰ ᠤᠨ ᠰᠢᠰᠲ᠋ᠧᠮ᠂ ᠡᠯᠪᠡᠭ ᠳᠡᠯᠪᠡᠭ ᠬᠥᠮᠦᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠵᠡᠷᠭᠡ | ᠣᠯᠠᠨ ᠠᠷᠪᠢᠨ ᠳᠠᠪᠠᠭᠤᠯᠢᠭ ᠨᠥᠬᠦᠴᠡᠯ ᠲᠠᠢ᠂ ᠠᠯᠤᠰ ᠬᠡᠳᠦ ᠶᠢᠨ ᠲᠥᠯᠥᠪᠵᠢᠭᠦᠯᠭᠡ᠂ ᠰᠢᠨᠵᠢᠯᠡᠬᠦ ᠤᠬᠠᠭᠠᠨᠴᠢ | ᠲᠣᠬᠢᠷᠠᠭᠤᠯᠤᠯ ᠡᠵᠡᠮᠳᠡᠯ᠂ ᠳᠡᠭᠡᠳᠦ ᠳᠤᠤᠷᠠᠳᠤ ᠱᠠᠲᠤ ᠪᠠᠷ ᠢᠶᠠᠨ ᠬᠠᠮᠵᠢᠯᠴᠠᠭᠰᠠᠨ ᠪᠦᠲᠦᠮᠵᠢᠲᠡᠶ ᠵᠠᠰᠠᠯᠲᠠ ᠶᠢᠨ | ᠲᠣᠭᠲᠠᠴᠠ ᠲᠠᠢ᠂ ᠬᠡᠷᠡᠭᠴᠡᠭᠡ ᠶᠢ ᠳᠡᠰ ᠳᠡᠪᠰᠢᠬᠦᠯᠬᠦ᠂ ᠪᠦᠲᠦᠴᠡ ᠶᠢ ᠰᠢᠯᠢᠳᠡᠭᠵᠢᠬᠦᠯᠬᠦ᠂ ᠬᠥᠳᠡᠯᠭᠡᠭᠴᠢ ᠡᠨᠧᠷᠭᠢ ᠶᠢ | ᠰᠣᠯᠢᠬᠤ ᠥᠷᠭᠡᠨ ᠠᠭᠤᠳᠠᠮ ᠨᠡᠮᠡᠭᠳᠡᠯ ᠣᠷᠣᠨ ᠵᠠᠶ ᠲᠠᠢ ᠪᠠᠶᠢᠵᠤ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ | ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠥᠭᠡᠳ ᠬᠤᠪᠢᠷᠠᠬᠤ ᠴᠤ ᠦᠭᠡᠢ ᠶᠤᠮ᠂ ᠮᠠᠨ ᠤ ᠤᠯᠤᠰ ᠤᠨ | ᠠᠵᠤ ᠠᠬᠤᠢ ᠶᠢᠨ ᠠᠶᠠᠯᠠᠯ ᠤᠨ ᠣᠩᠭᠤᠴᠠ ᠰᠠᠯᠬᠢ ᠳᠠᠪᠠᠯᠭᠠᠨ ᠢ ᠵᠦᠰᠦᠵᠦ᠂ ᠯᠠᠪᠳᠠᠭᠤᠨ ᠢᠶᠠᠷ ᠬᠤᠯᠠ ᠠᠶᠠᠯᠠᠬᠤ ᠨᠢ | ᠯᠠᠪᠲᠠᠢ ᠶᠤᠮ︕ ᠬᠤᠶᠠᠷ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ | ᠲᠦᠷᠦ ᠶᠢᠨ ᠪᠤᠳᠤᠯᠭ᠎ᠠ ᠶᠢᠨ ᠬᠠᠨᠳᠤᠰᠢ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠡᠴᠦᠰ ᠤᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ | ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠣᠯᠳᠠ ᠶᠣᠰᠣᠭᠠᠷ᠂ | ᠲᠤᠬᠲᠠᠭᠤᠨ ᠪᠠᠶᠢᠯᠭᠠᠬᠤ ᠶᠢᠨ ᠵᠡᠷᠭᠡ ᠳᠤ ᠣᠷᠣᠭᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ | ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠶ ᠲᠥᠯᠥᠪᠯᠡᠵᠦ᠂ ᠨᠡᠩ ᠢᠳᠡᠪᠬᠢᠲᠡᠶ ᠪᠦᠬᠡᠳ | ᠪᠦᠳᠦᠮᠵᠢᠳᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠥᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠠᠭᠤᠰᠤᠯᠴᠠᠭᠤᠯᠤᠨ ᠬᠥᠭᠵᠢᠬᠦᠯᠬᠦ ᠶᠢ ᠠᠬᠢᠭᠤᠯᠵᠤ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠶᠢᠨ | ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠤᠨ᠂ ᠠᠷᠠᠳ ᠲᠦᠮᠡᠨ ᠤ ᠠᠮᠢᠳᠤᠷᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ | ᠪᠠᠬᠢ ᠰᠠᠭᠤᠷᠢ ᠶᠢ ᠲᠠᠯᠪᠢᠵᠤ ᠥᠭᠭᠦ ᠬᠡᠷᠡᠭᠲᠡᠢ᠃ ᠡᠨᠡ ᠵᠢᠯ ᠤᠨ ᠬᠥᠭᠵᠢᠯᠲᠡ ᠶᠢᠨ ᠭᠤᠤᠯ ᠭᠤᠤᠯ ᠵᠢᠱᠢᠭᠰᠡᠨ ᠬᠠᠷᠠᠯᠲᠠ | ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ︔ | ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠬᠤᠳᠠ | ᠪᠠᠯᠭᠠᠰᠤᠨ ᠳᠤ ᠠᠵᠢᠯ ᠤᠯᠤᠭᠰᠠᠨ ᠬᠦᠮᠦᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ | ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ︔ ᠠᠮᠤ ᠪᠤᠳᠠᠭᠠᠨ ᠤ | ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠵᠤ᠂ ᠠᠮᠢ | ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠳᠡᠭᠡᠷ᠎ᠡ ᠳᠤᠷᠠᠳᠤᠭᠰᠠᠨ | ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠡᠯ᠎ᠡ | ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠣᠯᠤᠨ ᠪᠣᠯᠤᠯᠴᠠᠭ᠎ᠠ ᠶᠢ ᠬᠠᠮᠲᠤ ᠳᠤᠨᠢ | ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠶᠢᠨ ᠬᠡᠷᠡᠭᠴᠡᠭᠡ ᠪᠣᠯᠬᠤ ᠮᠥᠷᠲᠡᠭᠡᠨ ᠪᠠᠰᠠ ᠠᠵᠤ ᠠᠬᠤᠶ ᠶᠢᠨ ᠨᠡᠮᠡᠭᠳᠡᠯ ᠤᠨ ᠳᠠᠯᠳᠠ ᠬᠦᠴᠦᠨ ᠪᠠ ᠠᠰᠢᠭᠲᠠᠶ | ᠨᠥᠬᠦᠴᠡᠯ ᠤᠨ ᠲᠤᠯᠭᠠᠭᠤᠷᠢᠯᠠᠯ ᠲᠠᠢ ᠪᠠᠶᠢᠵᠤ᠂ ᠲᠡᠷᠡᠴᠢᠯᠡᠨ ᠤᠷᠳᠤᠪᠲᠤᠷ ᠬᠤᠭᠤᠴᠠᠭᠠᠨ ᠤ ᠬᠥᠭᠵᠢᠯᠲᠡ ᠶᠢᠨ | ᠬᠠᠷᠠᠯᠲᠠ ᠲᠠᠢ ᠵᠣᠯᠭᠠᠯᠳᠤᠭᠤᠯᠵᠤ᠂ ᠬᠦᠴᠢᠷ ᠢ ᠰᠦᠷᠦᠨ ᠤᠷᠤᠭᠰᠢᠯᠠᠵᠤ ᠬᠦᠴᠦᠯᠡᠨ ᠴᠢᠷᠮᠠᠶᠢᠬᠤ ᠢᠯᠡ ᠲᠣᠳᠣ | ᠤᠳᠤᠷᠢᠳᠤᠮᠵᠢ ᠶᠢ ᠲᠤᠪᠤᠶᠢᠯᠭᠠᠭᠰᠠᠨ ᠶᠤᠮ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠢ 5. | 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠴᠢᠨᠠᠷᠲᠠᠶ ᠵᠥᠷᠢᠴᠡᠯ ᠨᠠᠩ | ᠲᠣᠪᠤᠶᠢᠮ᠎ᠠ ᠪᠠᠶᠢᠬᠤ ᠠᠬᠤᠶ ᠪᠠᠶᠢᠳᠠᠯ ᠳᠣᠤᠷ᠎ᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ | ᠱᠠᠭᠠᠷᠳᠠᠯᠭ᠎ᠠ ᠶᠢ ᠢᠯᠡᠷᠡᠭᠦᠯᠦᠭᠰᠡᠨ ᠶᠤᠮ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ | ᠬᠡᠮᠵᠢᠶ᠎ᠡ ᠶᠢ 2% ᠣᠷᠴᠢᠮ ᠪᠠᠶᠢᠯᠭᠠᠬᠤ ᠶᠢᠨ ᠵᠣᠷᠢᠯᠭ᠎ᠠ ᠨᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ | ᠥᠭᠡᠷᠡᠴᠢᠯᠡᠯᠲᠡ ᠶᠢᠨ ᠬᠠᠮᠲᠤ ᠶᠢᠨ ᠦᠢᠯᠡᠳᠦᠯ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ | ᠰᠠᠶᠢᠵᠢᠷᠠᠭᠤᠯᠵᠤ᠂ ᠦᠨ᠎ᠡ ᠬᠠᠩᠰᠢ ᠶᠢᠨ ᠶᠡᠷᠦᠩᠬᠡᠶ ᠲᠦᠪᠰᠢᠨ ᠢ ᠵᠦᠢ ᠵᠤᠬᠢᠰᠲᠠᠢ ᠤᠷᠤᠨ ᠵᠠᠢ ᠳᠤ ᠪᠠᠶᠢᠯᠭᠠᠬᠤ ᠶᠢᠨ | ᠲᠦᠯᠦᠭᠡ ᠶᠤᠮ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠮᠠᠰᠢ ᠬᠢᠯᠪᠡᠷ ᠪᠤᠰᠤ ᠶᠤᠮ᠂ ᠡᠷᠬᠡᠪᠰᠢ ᠰᠢᠷᠭᠠᠭᠤ | ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ᠃ ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠪᠠ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠪᠠ | ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠨᠢ ᠡᠪᠳᠡᠬᠦ᠂ ᠰᠢᠰᠲ᠋ᠧᠮᠵᠢᠭᠦᠯᠦᠨ ᠬᠤᠷᠠᠭᠤᠯᠬᠤ ᠪᠠ | ᠬᠠᠮᠲᠤᠷᠠᠨ ᠬᠠᠮᠵᠢᠯᠴᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠦᠷᠦ ᠶᠢᠨ ᠪᠤᠳᠤᠯᠭ᠎ᠠ ᠶᠢ ᠬᠥᠳᠡᠯᠦᠩᠭᠦᠢ ᠪᠠᠷ | ᠲᠣᠬᠢᠷᠠᠭᠤᠯᠵᠤ᠂ ᠬᠤᠷᠸ᠎ᠠ ᠲᠤᠬᠢᠷᠠᠭᠤᠯᠤᠯ ᠡᠵᠡᠮᠳᠡᠯ ᠤᠨ ᠪᠠᠷᠠᠯᠠᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠳᠦᠮᠵᠢᠳᠦ | ᠴᠢᠨᠠᠷ ᠢ ᠳᠡᠭᠡᠭᠰᠢᠯᠡᠭᠦᠯᠦᠨ᠎ᠡ᠃ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢ ᠡᠵᠡᠮᠳᠡᠨ᠂ ᠴᠠᠭ ᠲᠣᠬᠢᠶᠠᠯ ᠪᠠ ᠡᠷᠴᠢᠮ ᠢ ᠡᠷᠬᠢᠮᠯᠡᠵᠦ᠂ ᠰᠢᠰᠲ᠋ᠧᠮᠲᠦ ᠰᠡᠳᠭᠢᠬᠦᠢ ᠶᠢ ᠴᠢᠩᠭᠠᠳᠬᠠᠵᠤ᠂ | ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | | | | |