ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 1 ᠰᠠᠷ᠎ᠠ ᠶᠢᠨ 9 ᠤ ᠡᠳᠦᠷ | ᠬᠤᠷᠠᠯ ᠬᠤᠷᠠᠯᠳᠤᠭᠤᠯᠵᠤ ᠂ ᠲᠥᠪᠡᠳ ᠤᠨ ᠲᠢᠩᠷᠢ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ | ᠠᠵᠢᠯ ᠢ ᠰᠤᠳᠤᠯᠤᠨ ᠪᠠᠶᠢᠷᠢᠯᠠᠭᠤᠯᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃ | ᠬᠤᠷᠠᠯ ᠠᠴᠠ ᠂ ᠲᠥᠪᠡᠳ ᠤᠨ ᠲᠢᠩᠷᠢ ᠳᠤ 6.8 ᠲᠡᠰ ᠤᠨ ᠭᠠᠵᠠᠷ ᠬᠥᠳᠡᠯᠦᠯᠲᠡ ᠡᠭᠦᠰᠦᠭᠰᠡᠨ ᠠᠴᠠ ᠨᠠᠭᠠᠰᠢ ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠬᠤᠯᠪᠣᠭᠳᠠᠯ ᠪᠦᠬᠦᠢ ᠣᠷᠣᠨ ᠨᠤᠲᠤᠭ ᠪᠣᠯᠣᠨ ᠰᠠᠯᠠᠭ᠎ᠠ ᠮᠥᠴᠢᠷ ᠤᠨ ᠲᠤᠰᠬᠠᠯ ᠲᠦᠷᠭᠡᠨ ᠂ ᠵᠣᠬᠢᠶᠠᠨ ᠪᠠᠶᠢᠭᠤᠯᠤᠯᠲᠠ | ᠬᠦᠴᠦᠲᠡᠢ ᠪᠠᠶᠢᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠵᠦ ᠂ ᠢᠯᠠᠩᠭᠤᠶ᠎ᠠ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠂ ᠴᠢᠯᠦᠭᠡᠯᠡᠬᠦ | ᠴᠡᠷᠢᠭ ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠣᠯᠣᠨ ᠲᠥᠪ ᠤᠨ ᠠᠵᠤ ᠠᠬᠤᠶᠢᠯᠠᠯ ᠵᠡᠷᠭᠡ ᠠᠪᠤᠷᠠᠨ ᠲᠤᠰᠠᠯᠠᠬᠤ | ᠬᠦᠴᠦᠨ ᠨᠢ ᠬᠠᠬᠢᠷ ᠬᠦᠢᠲᠡᠨ ᠪᠥᠭᠡᠳ ᠬᠦᠴᠢᠯᠲᠥ᠋ᠷᠥᠭᠴᠢ ᠳᠤᠲᠠᠭᠳᠠᠬᠤ ᠬᠦᠴᠢᠷᠳᠡᠯ ᠢ ᠢᠯᠠᠨ ᠳᠠᠪᠠᠵᠤ ᠂ ᠴᠠᠭ | ᠮᠥᠴᠡ ᠶᠢ ᠠᠮᠵᠢᠨ ᠬᠤᠷᠢᠭᠳᠠᠭᠰᠠᠨ ᠬᠥᠮᠥᠰ ᠢ ᠡᠷᠢᠨ ᠠᠪᠤᠷᠠᠵᠤ ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠶᠡᠷᠦᠩᠬᠡᠢ ᠳᠡᠭᠡᠨ | ᠤᠷᠤᠭᠰᠢᠲᠠᠢ ᠶᠠᠪᠤᠭᠳᠠᠵᠤ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠣᠳᠣᠬᠠᠨ ᠳᠤ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ | ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠭ᠎ᠠ ᠪᠣᠯᠬᠤᠷ ᠤᠬᠳᠤ ᠰᠤᠯᠠᠷᠠᠭᠤᠯᠵᠤ ᠪᠤᠯᠬᠤ ᠦᠭᠡᠢ ᠃ ᠠᠵᠢᠯ ᠢᠶᠠᠨ ᠨᠡᠩ | ᠨᠠᠷᠢᠯᠢᠭ ᠬᠢᠵᠦ ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠃ ᠠᠪᠤᠷᠠᠨ ᠲᠤᠰᠠᠯᠠᠬᠤ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ | ᠦᠷᠭᠦᠯᠵᠢᠯᠡᠨ ᠥᠷᠨᠢᠭᠦᠯᠬᠦ ᠬᠡᠷᠡᠭᠲᠡᠢ ᠃ ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠠᠮᠲᠤᠷᠠᠨ | ᠣᠨᠣᠰᠢᠯᠠᠵᠤ ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠬᠦ ᠬᠡᠷᠡᠭᠲᠡᠢ ᠃ ᠭᠠᠮᠰᠢᠭᠳᠠᠭᠰᠠᠨ ᠤᠯᠠᠨ | ᠲᠦᠮᠡᠨ ᠤ ᠦᠨᠳᠦᠰᠦᠨ ᠠᠮᠢᠳᠤᠷᠠᠯ ᠢ ᠰᠡᠳᠬᠢᠯ ᠲᠠᠯᠪᠢᠨ ᠪᠠᠲᠤᠯᠠᠵᠤ ᠂ ᠲᠦᠷ ᠴᠠᠭ ᠤᠨ ᠲᠥᠪᠬᠢᠨᠡᠭᠦᠯᠬᠦ ᠪᠠ | ᠰᠢᠯᠵᠢᠯᠲᠡ ᠶᠢᠨ ᠬᠤᠭᠤᠴᠠᠭᠠᠨ ᠤ ᠲᠥᠪᠬᠢᠨᠡᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠂ ᠭᠠᠮᠰᠢᠭᠳᠠᠭᠰᠠᠨ ᠤᠯᠠᠨ | ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠭᠠᠮᠰᠢᠭ ᠤᠨ ᠳᠠᠷᠠᠭᠠᠬᠢ ᠰᠡᠷᠭᠦᠭᠡᠨ | ᠲᠠᠭᠢᠨ ᠪᠦᠲᠦᠭᠡᠨ ᠪᠠᠶᠢᠭᠤᠯᠬᠤ ᠠᠵᠢᠯ ᠢ ᠲᠦᠷᠭᠡᠳᠬᠡᠵᠦ ᠂ ᠰᠠᠭᠤᠷᠢ ᠲᠥᠬᠦᠭᠡᠷᠦᠮᠵᠢ ᠶᠢ ᠵᠠᠰᠠᠨ ᠰᠡᠷᠭᠦᠭᠡᠬᠦ ᠪᠠ ᠪᠠᠭᠤᠷᠢ ᠶᠢ | ᠴᠡᠪᠡᠷᠯᠡᠬᠦ ᠠᠵᠢᠯ ᠢ ᠱᠠᠯᠠᠪᠳᠠᠨ ᠰᠠᠶᠢᠲᠤᠷ ᠬᠢᠵᠦ ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠡᠮᠬᠢ ᠳᠢᠭᠯᠢᠮ ᠢ ᠲᠦᠷᠭᠡᠬᠡᠨ ᠰᠡᠷᠭᠦᠭᠡᠬᠦ ᠬᠡᠷᠡᠭᠲᠡᠢ ᠃ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠢ ᠦᠨᠡᠨ ᠬᠦ ᠰᠠᠶᠢᠲᠤᠷ | ᠬᠢᠵᠦ ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ ᠂ ᠡᠷᠬᠡ | ᠰᠦᠷᠲᠦ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠭᠤᠣᠯᠳᠠᠯᠭ᠎ᠠ ᠲᠠᠢ ᠭᠠᠵᠠᠷ ᠣᠷᠣᠨ ᠤ ᠭᠡᠷ | ᠪᠠᠶᠢᠰᠢᠩ ᠂ ᠰᠠᠭᠤᠷᠢ ᠲᠥᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠪᠣᠯᠣᠨ ᠭᠠᠵᠠᠷ | ᠬᠥᠳᠡᠯᠦᠯᠲᠡ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠡᠯ᠎ᠡ ᠵᠦᠢᠯ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠯᠤᠰ ᠲᠦᠷᠦ ᠶᠢᠨ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ ᠂ ᠡᠯ᠎ᠡ | ᠱᠠᠲᠤᠨ ᠤ ᠺᠠᠳ᠋ᠷᠴᠤᠳ ᠡᠮᠦᠨ᠎ᠡ ᠹᠷᠣᠨᠲ ᠢ ᠪᠠᠲᠤ ᠰᠠᠬᠢᠵᠤ ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠲᠠᠶᠢᠴᠢᠨ ᠪᠠᠬᠢᠯᠡᠯᠲᠡ ᠶᠢᠨ | ᠦᠢᠯᠡᠳᠦᠯ ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃ |