ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 15 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ | ᠶᠡᠷᠦᠩᠬᠡᠶᠢᠯᠡᠭᠴᠢ ᠳ᠋ᠢᠰᠠᠨᠠᠶᠠᠺ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠰᠷᠢ ᠯᠠᠨᠺᠠ ᠤᠯᠠᠮᠵᠢᠯᠠᠯᠲᠤ ᠨᠥᠬᠦᠷᠯᠡᠯ ᠢ ᠪᠠᠶᠢᠭᠤᠯᠤᠭᠰᠠᠨ ᠶᠤᠮ᠃ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 68 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠡᠷᠡᠭᠦᠯ | ᠲᠣᠭᠲᠠᠪᠤᠷᠢᠲᠠᠢ ᠬᠥᠭᠵᠢᠵᠦ᠂ ᠠᠳᠠᠯᠢ ᠪᠤᠰᠤ ᠤᠯᠤᠰ ᠤᠨ ᠨᠥᠭᠦᠷᠰᠡᠭ ᠢᠶᠠᠷ ᠶᠠᠪᠤᠯᠴᠠᠬᠤ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠬᠢᠬᠦ ᠬᠡᠪ ᠳᠠᠭᠤᠷᠢᠶᠠᠯ ᠢ ᠪᠤᠢ ᠪᠣᠯᠭᠠᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ | ᠰᠷᠢ ᠯᠠᠨᠺᠠ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ | ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠯ᠎ᠡ ᠬᠦᠷᠢᠶᠡᠨ ᠳᠠᠬᠢ | ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ | ᠪᠣᠳᠠᠲᠠᠢ ᠠᠵᠠ ᠵᠢᠷᠭᠠᠯ ᠣᠯᠭᠤᠪᠠ᠃ ᠣᠳᠣᠬᠠᠨ ᠳᠤ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠳᠤ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡ ᠶᠢᠨ ᠠᠵᠠ | ᠲᠣᠭᠢᠶᠠᠯ ᠲᠤᠯᠭᠠᠷᠠᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠰᠷᠢ | ᠯᠠᠨᠺᠠ ᠶᠢᠨ ᠬᠠᠷᠢᠯᠴᠠᠭ᠎ᠠ ᠶᠢ ᠡᠵᠡᠮᠳᠡᠵᠦ᠂ ᠳᠤᠮᠳᠠᠳᠤ ᠰᠷᠢ ᠯᠠᠨᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠰᠷᠢ ᠯᠠᠨᠺᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ | ᠴᠢᠬᠤᠯᠠ ᠴᠢᠭᠯᠡᠯ ᠪᠤᠯᠭᠠᠵᠤ᠂ ᠰᠷᠢ ᠯᠠᠨᠺᠠ ᠶᠢᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠵᠥ᠂ ᠰᠷᠢ ᠯᠠᠨᠺᠠ ᠶᠢᠨ | ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ | ᠲᠡᠮᠵᠢᠵᠥ᠂ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠤᠨ | ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠰᠷᠢ | ᠯᠠᠨᠺᠠ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠰᠷᠢ | ᠯᠠᠨᠺᠠ ᠶᠢᠨ ᠬᠢᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠢᠳᠡᠪᠬᠢᠲᠡᠢ | ᠳᠡᠮᠵᠢᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ᠂ ᠣᠲᠣ ᠦᠶ᠎ᠡ ᠶᠢᠨ | ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠲᠡᠯᠡᠶ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠭᠢᠯᠠᠰ ᠴᠡᠭ ᠢ ᠡᠭᠦᠳᠦᠨ᠎ᠡ᠃ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠤ ︽ᠰᠡᠳᠬᠢᠯ ᠢᠶᠠᠷ ᠢᠶᠠᠨ ᠬᠤᠯᠪᠣᠯᠳᠤᠨ | ᠨᠡᠪᠲᠡᠷᠡᠯᠴᠡᠬᠦ︾ ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠠᠶᠢᠭᠤᠯᠤᠮᠵᠢ ᠶᠢᠨ ᠳᠣᠲᠣᠷᠠᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠥᠮᠥᠨ ᠲᠥᠷᠥᠯᠬᠢᠲᠡᠨ ᠤ ᠬᠥᠭᠵᠢᠯᠲᠡ ᠳᠤ ᠬᠤᠯᠪᠣᠭᠳᠠᠬᠤ | ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠠᠷᠭᠠᠴᠠᠭᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ | ᠪᠣᠯᠣᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃ | ᠳ᠋ᠢᠰᠠᠨᠠᠶᠠᠺ᠂ ᠰᠢᠨ᠎ᠡ ᠵᠢᠯ ᠤᠨ ᠡᠬᠢ ᠪᠠᠷ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠰᠷᠢ ᠯᠠᠨᠺᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠠᠭᠤᠷᠢ | ᠲᠥᠬᠦᠭᠡᠷᠦᠮᠵᠢ ᠵᠡᠷᠭᠡ ᠬᠦᠷᠢᠶᠡᠨ ᠳᠤ ᠣᠯᠣᠭᠰᠠᠨ ᠴᠢᠬᠤᠯᠠ ᠶᠡᠭᠡ ᠬᠥᠭᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠃ | ᠳᠤᠮᠳᠠᠳᠤ ᠤᠯᠤᠰ ᠪᠣᠯ ᠶᠡᠷᠦ ᠠᠴᠠ ᠰᠷᠢ ᠯᠠᠨᠺᠠ ᠶᠢᠨ ᠨᠠᠶᠢᠳᠠᠪᠤᠷᠢᠲᠠᠢ ᠨᠠᠶᠢᠵᠠ ᠪᠥᠭᠡᠳ ᠬᠠᠨᠢᠲᠠᠨ ᠶᠤᠮ᠃ ᠰᠷᠢ | ᠯᠠᠨᠺᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠠᠴᠠ ᠰᠷᠢ ᠯᠠᠨᠺᠠ ᠶᠢᠨ ᠲᠤᠰᠠᠭᠠᠷ | ᠲᠣᠭᠲᠠᠨᠢᠯ᠂ ᠡᠷᠬᠡ ᠮᠡᠳᠡᠯ ᠪᠣᠯᠣᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠳᠤ ᠦᠵᠡᠭᠦᠯᠦᠭᠰᠡᠨ ᠡᠷᠬᠢᠮ | ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠰᠷᠢ ᠯᠠᠨᠺᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ | ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ | ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠡᠨᠧᠷᠭᠢ᠂ ᠬᠥᠳᠡᠭᠡ ᠠᠵᠤ ᠠᠬᠤᠢ᠂ ᠮᠥᠩᠭᠦᠨ ᠭᠦᠢᠯᠭᠡᠭᠡᠨ᠂ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ | ᠵᠢᠭᠤᠯᠴᠢᠯᠠᠯ᠂ ᠳᠠᠯᠠᠢ ᠲᠠᠩᠭᠢᠰ᠂ ᠠᠵᠢᠯᠲᠠᠨ ᠤ ᠪᠣᠯᠪᠠᠰᠤᠷᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ | ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠬᠥᠲᠥᠯᠥᠨ | ᠳᠠᠭᠠᠭᠤᠯᠬᠤ ᠤᠯᠤᠰ ᠮᠥᠨ᠂ ᠳᠡᠯᠡᠬᠡᠢ ᠶᠢᠨ ᠬᠡᠷᠡᠭ ᠶᠠᠪᠤᠳᠠᠯ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ | ᠃ | ᠰᠷᠢ ᠯᠠᠨᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠤᠯᠠᠨ ᠲᠠᠯ᠎ᠠ ᠶᠢᠨ ᠲᠠᠯᠠᠪᠤᠷ ᠲᠤ | ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠨ ᠳᠡᠮᠵᠢᠯᠴᠡᠵᠦ᠂ ᠬᠠᠮᠲᠤ ᠶᠢᠨ ᠠᠰᠢᠭ ᠲᠤᠰᠠ ᠪᠠᠨ ᠰᠠᠶᠢᠲᠤᠷ | ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ | ᠤᠯᠤᠰ ᠲᠤ ᠭᠠᠷᠭᠠᠬᠤ᠂ ᠨᠡᠶᠢᠭᠡᠮ ᠠᠷᠠᠳ ᠤᠨ ᠠᠮᠢᠳᠤᠷᠠᠯ᠂ ᠰᠣᠨᠢᠨ ᠮᠡᠳᠡᠭᠡ ᠷᠠᠳᠢᠣ᠋ ᠲᠧᠯᠸᠢᠰ ᠵᠡᠷᠭᠡ ᠤᠯᠠᠨ ᠵᠦᠢᠯ ᠤᠨ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠳ᠋ᠢᠰᠠᠨᠠᠶᠡᠺ ᠢ ᠤᠭᠲᠤᠬᠤ ᠶᠣᠰᠣᠯᠠᠯ ᠶᠠᠪᠤᠭᠤᠯᠪᠠ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ | ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠰᠷᠢ ᠯᠠᠨᠺᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ᠃ ᠳ᠋ᠢᠰᠠᠨᠠᠶᠠᠺ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ | ᠳ᠋ᠢᠰᠠᠨᠠᠶᠠᠺ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |