ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠠᠭ ᠠᠭᠤᠷ ᠤᠨ ᠲᠣᠪᠴᠢᠶ᠎ᠠ 24 ᠤ | ᠡᠳᠦᠷ ᠤᠨ ᠦᠳᠡᠰᠢ ᠪᠠᠷ ᠪᠠᠴᠢᠮ ᠮᠡᠳᠡᠭᠳᠡᠯ | ᠨᠡᠶᠢᠲᠡᠯᠡᠵᠦ᠂ 21 ᠴᠠᠭ ᠠᠴᠠ ᠡᠬᠢᠯᠡᠨ ᠴᠠᠭ | ᠠᠭᠤᠷ ᠤᠨ ᠬᠦᠨᠳᠦ ᠶᠡᠭᠡ ᠭᠠᠮᠰᠢᠭ ︵ᠬᠦᠢᠲᠡᠨ | ᠤᠷᠤᠰᠬᠠᠯ᠂ ᠶᠡᠭᠡ ᠰᠠᠯᠬᠢ︶ ᠤᠨ IV ᠲᠠᠰ ᠤᠨ | ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠡᠬᠢᠯᠡᠭᠦᠯᠵᠦ᠂ | ᠬᠦᠷᠴᠦ ᠢᠷᠡᠵᠦ ᠪᠠᠶᠢᠭ᠎ᠠ ᠶᠡᠭᠡ | ᠬᠡᠪᠴᠢᠶᠡᠨ ᠤ ᠮᠠᠭᠤ ᠴᠠᠭ ᠠᠭᠠᠷ ᠤᠨ | ᠶᠠᠪᠤᠴᠠ ᠶᠢ ᠪᠥᠬᠦ ᠬᠦᠴᠦᠨ ᠢᠶᠠᠷ ᠢᠶᠠᠨ | ᠠᠷᠭᠠᠴᠠᠭᠠᠵᠤ ᠪᠣᠢ᠃ | ᠴᠠᠭ ᠠᠭᠤᠷ ᠤᠨ ᠰᠠᠯᠠᠭ᠎ᠠ ᠮᠥᠴᠢᠷ ᠤᠨ | ᠵᠢᠱᠢᠯᠲᠡ ᠪᠠᠷ᠂ 3 ᠳ᠋ᠤᠭᠠᠷ ᠰᠠᠷ᠎ᠠ ᠶᠢᠨ | 25 ᠤ ᠡᠳᠦᠷ ᠠᠴᠠ 27 ᠡᠳᠦᠷ ᠪᠣᠯᠲᠠᠯ᠎ᠠ᠂ | ᠬᠦᠴᠦᠲᠡᠢ ᠬᠦᠢᠲᠡᠨ ᠠᠭᠠᠷ ᠤᠨ ᠨᠥᠯᠥᠭᠡ ᠠᠴᠠ | ᠪᠣᠯᠵᠤ᠂ ᠪᠥᠬᠦ ᠣᠷᠣᠨ ᠳᠤ ᠶᠡᠭᠡ ᠰᠠᠯᠬᠢ᠂ | ᠡᠯᠡᠰᠦᠨ ᠰᠢᠭᠤᠷᠭ᠎ᠠ᠂ ᠬᠦᠢᠲᠡᠨ ᠤᠷᠤᠰᠬᠠᠯ | ᠵᠢᠴᠢ ᠪᠣᠷᠣᠭᠠᠨ ᠴᠠᠰᠤ ᠲᠠᠢ ᠴᠠᠭ ᠠᠭᠠᠷ | ᠢᠯᠡᠷᠡᠨ᠎ᠡ᠃ ᠡᠭᠦᠨ ᠳᠤ᠂ ᠳᠤᠮᠳᠠ ᠪᠠᠷᠠᠭᠤᠨ | ᠬᠡᠰᠡᠭ ᠪᠠ ᠵᠡᠭᠦᠨ ᠡᠮᠦᠨᠡᠲᠦ ᠬᠡᠰᠡᠭ ᠤᠨ | ᠭᠠᠵᠠᠷ ᠣᠷᠣᠨ ᠳᠤ ᠬᠡᠰᠡᠭ ᠰᠠᠯᠬᠢ 9-10 | ᠲᠠᠰ ᠲᠤ ᠬᠦᠷᠬᠦ ᠪᠥᠭᠡᠳ ᠶᠡᠭᠡ ᠬᠡᠪᠴᠢᠶᠡᠨ ᠤ | ᠡᠯᠡᠰᠦᠨ ᠰᠢᠭᠤᠷᠭ᠎ᠠ ᠲᠠᠢ᠂ ᠪᠠᠷᠠᠭᠤᠨ | ᠬᠡᠰᠡᠭ ᠤᠨ ᠬᠤᠶᠢᠭᠤᠷ᠂ ᠳᠤᠮᠳᠠ ᠬᠡᠰᠡᠭ ᠤᠨ | ᠬᠤᠶᠢᠭᠤᠷ ᠵᠡᠷᠭᠡ ᠬᠡᠰᠡᠭ ᠭᠠᠵᠠᠷ ᠲᠤ | ᠬᠦᠴᠦᠲᠡᠢ ᠡᠯᠡᠰᠦᠨ ᠰᠢᠭᠤᠷᠭ᠎ᠠ ᠳᠡᠭᠳᠡᠵᠦ | ᠮᠡᠳᠡᠨ᠎ᠡ᠃ ᠠᠭᠠᠷ ᠤᠨ ᠳᠤᠯᠠᠭᠠᠨ ᠤ | ᠲᠠᠯ᠎ᠠ ᠪᠠᠷ᠂ ᠳᠤᠮᠳᠠ ᠪᠠᠷᠠᠭᠤᠨ ᠬᠡᠰᠡᠭ ᠪᠠ | ᠵᠡᠭᠦᠨ ᠡᠮᠦᠨᠡᠲᠦ ᠬᠡᠰᠡᠭ ᠤᠨ ᠭᠠᠵᠠᠷ | ᠣᠷᠣᠨ ᠳᠤ ᠨᠡᠶᠢᠳᠡᠮ ᠳᠤ ᠪᠠᠨ 8-14℃ | ᠪᠠᠭᠤᠷᠠᠵᠤ᠂ ᠪᠠᠷᠠᠭᠤᠨ ᠬᠡᠰᠡᠭ ᠤᠨ | ᠪᠠᠷᠠᠭᠤᠨᠰᠢᠬᠢ ᠬᠡᠰᠡᠭ ᠭᠠᠵᠠᠷ ᠤᠨ | ᠳᠤᠯᠠᠭᠠᠨ ᠤ ᠬᠡᠮᠵᠢᠶ᠎ᠡ ᠪᠠᠭᠤᠷᠠᠭᠠᠳ | 16℃ ᠢ ᠳᠠᠪᠠᠨ᠎ᠠ᠃ | ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠱᠠᠭᠠᠷᠳᠠᠯᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠴᠠᠭ ᠠᠭᠤᠷ ᠤᠨ ᠲᠣᠪᠴᠢᠶᠠᠨ ᠤ | ᠠᠯᠪᠠᠨ ᠭᠡᠷ᠂ ᠪᠠᠴᠢᠮ ᠪᠠᠶᠢᠳᠠᠯ ᠢ | ᠠᠷᠭᠠᠴᠠᠭᠠᠬᠤ ᠪᠠ ᠭᠠᠮᠰᠢᠭ ᠢ ᠪᠠᠭᠠᠰᠬᠠᠬᠤ | ᠭᠠᠵᠠᠷ ᠵᠡᠷᠭᠡ 9 ᠰᠢᠭᠤᠳ ᠬᠠᠷᠢᠶ᠎ᠠ | ᠨᠢᠭᠡᠴᠢ ᠶᠢᠨ ᠬᠢᠨ ᠳᠠᠷᠤᠶᠢᠬᠠᠨ ᠪᠠᠴᠢᠮ | ᠪᠠᠶᠢᠳᠠᠯ ᠢ ᠠᠷᠭᠠᠴᠠᠭᠠᠬᠤ ᠪᠠᠶᠢᠳᠠᠯ ᠳᠤ | ᠣᠷᠣᠪᠠ᠃ ᠠᠯᠠᠱᠠ ᠠᠶᠢᠮᠠᠭ᠂ ᠪᠠᠶᠠᠨᠨᠠᠭᠤᠷ | ᠬᠤᠳᠠ᠂ ᠬᠥᠬᠡᠬᠤᠲᠠ ᠵᠡᠷᠭᠡ 11 ᠠᠶᠢᠮᠠᠭ | ᠬᠤᠳᠠ ᠶᠢᠨ ᠴᠠᠭ ᠠᠭᠤᠷ ᠤᠨ ᠲᠣᠪᠴᠢᠶ᠎ᠠ | ᠪᠣᠳᠠᠲᠠᠢ ᠪᠠᠶᠢᠳᠠᠯ ᠢᠶᠠᠨ ᠦᠨᠳᠦᠰᠦᠯᠡᠨ | ᠵᠣᠬᠢᠬᠤ ᠲᠡᠰ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ | ᠡᠬᠢᠯᠡᠭᠦᠯᠬᠦ ᠪᠠᠷ ᠪᠤᠢ᠃ ᠡᠯ᠎ᠡ | ᠨᠢᠭᠡᠴᠢ ᠶᠢᠨ ᠬᠢᠨ 24 ᠴᠠᠭ ᠢᠶᠠᠷ | ᠵᠢᠵᠢᠭᠦᠷᠯᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠴᠠᠭ ᠠᠭᠠᠷ ᠢ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ | ᠵᠢᠴᠢ ᠮᠡᠳᠡᠭᠡ ᠵᠠᠩᠭᠢ ᠮᠡᠳᠡᠭᠦᠯᠦᠨ | ᠬᠦᠷᠭᠡᠬᠦ ᠠᠵᠢᠯ ᠢ ᠴᠢᠩᠭᠠᠳᠬᠠᠬᠤ | ᠬᠡᠷᠡᠭᠲᠡᠢ᠃ | |