ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ 24 ᠤ ᠡᠳᠦᠷ ᠤᠨ | ᠦᠳᠡᠰᠢ ᠪᠠᠷ ᠪᠠᠴᠢᠮ ᠮᠡᠳᠡᠭᠳᠡᠯ ᠨᠡᠶᠢᠲᠡᠯᠡᠵᠦ᠂ 21 ᠴᠠᠭ ᠠᠴᠠ ᠡᠬᠢᠯᠡᠨ ᠴᠠᠭ ᠠᠭᠤᠷ ᠤᠨ ᠬᠦᠨᠳᠦ ᠶᠡᠭᠡ ᠭᠠᠮᠰᠢᠭ | ︵ᠬᠦᠢᠲᠡᠨ ᠤᠷᠤᠰᠬᠠᠯ᠂ ᠶᠡᠭᠡ ᠰᠠᠯᠬᠢ︶ ᠤᠨ IV ᠲᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠢ ᠡᠬᠢᠯᠡᠭᠦᠯᠵᠦ᠂ ᠬᠦᠷᠴᠦ ᠢᠷᠡᠵᠦ ᠪᠠᠶᠢᠭ᠎ᠠ ᠶᠡᠭᠡ ᠬᠡᠪᠴᠢᠶᠡᠨ ᠤ ᠮᠠᠭᠤ ᠴᠠᠭ ᠠᠭᠠᠷ ᠤᠨ ᠶᠠᠪᠤᠴᠠ ᠶᠢ ᠪᠥᠬᠦ | ᠬᠦᠴᠦᠨ ᠢᠶᠠᠷ ᠢᠶᠠᠨ ᠠᠷᠭᠠᠴᠠᠭᠠᠵᠤ ᠪᠣᠢ᠃ | ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠪᠠᠷ᠂ 3 ᠳ᠋ᠤᠭᠠᠷ ᠰᠠᠷ᠎ᠠ ᠶᠢᠨ 25 ᠤ ᠡᠳᠦᠷ ᠠᠴᠠ 27 | ᠡᠳᠦᠷ ᠪᠣᠯᠲᠠᠯ᠎ᠠ᠂ ᠬᠦᠴᠦᠲᠡᠢ ᠬᠦᠢᠲᠡᠨ ᠠᠭᠠᠷ ᠤᠨ ᠨᠥᠯᠥᠭᠡ ᠠᠴᠠ ᠪᠣᠯᠵᠤ᠂ ᠪᠥᠬᠦ ᠣᠷᠣᠨ ᠳᠤ ᠶᠡᠭᠡ ᠰᠠᠯᠬᠢ᠂ | ᠡᠯᠡᠰᠦᠨ ᠰᠢᠭᠤᠷᠭ᠎ᠠ᠂ ᠬᠦᠢᠲᠡᠨ ᠤᠷᠤᠰᠬᠠᠯ ᠵᠢᠴᠢ ᠪᠣᠷᠣᠭᠠᠨ ᠴᠠᠰᠤ ᠲᠠᠢ ᠴᠠᠭ ᠠᠭᠠᠷ ᠢᠯᠡᠷᠡᠨ᠎ᠡ᠃ ᠡᠭᠦᠨ ᠳᠤ᠂ | ᠳᠤᠮᠳᠠ ᠪᠠᠷᠠᠭᠤᠨ ᠬᠡᠰᠡᠭ ᠪᠠ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠳᠤ ᠬᠡᠰᠡᠭ ᠰᠠᠯᠬᠢ 9-10 ᠲᠠᠰ ᠲᠤ | ᠬᠦᠷᠬᠦ ᠪᠥᠭᠡᠳ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠲᠠᠢ᠂ ᠪᠠᠷᠠᠭᠤᠨ ᠬᠡᠰᠡᠭ ᠤᠨ ᠬᠤᠶᠢᠭᠤᠷ᠂ ᠳᠤᠮᠳᠠ | ᠬᠡᠰᠡᠭ ᠤᠨ ᠬᠤᠶᠢᠭᠤᠷ ᠵᠡᠷᠭᠡ ᠬᠡᠰᠡᠭ ᠭᠠᠵᠠᠷ ᠲᠤ ᠬᠦᠴᠦᠲᠡᠢ ᠡᠯᠡᠰᠦᠨ ᠰᠢᠭᠤᠷᠭ᠎ᠠ ᠳᠡᠭᠳᠡᠵᠦ ᠮᠡᠳᠡᠨ᠎ᠡ᠃ | ᠠᠭᠠᠷ ᠤᠨ ᠳᠤᠯᠠᠭᠠᠨ ᠤ ᠲᠠᠯ᠎ᠠ ᠪᠠᠷ᠂ ᠳᠤᠮᠳᠠ ᠪᠠᠷᠠᠭᠤᠨ ᠬᠡᠰᠡᠭ ᠪᠠ ᠵᠡᠭᠦᠨ ᠡᠮᠦᠨᠡᠲᠦ ᠬᠡᠰᠡᠭ ᠤᠨ ᠭᠠᠵᠠᠷ | ᠣᠷᠣᠨ ᠳᠤ ᠨᠡᠶᠢᠳᠡᠮ ᠳᠤ ᠪᠠᠨ 8-14℃ ᠪᠠᠭᠤᠷᠠᠵᠤ᠂ ᠪᠠᠷᠠᠭᠤᠨ ᠬᠡᠰᠡᠭ ᠤᠨ ᠪᠠᠷᠠᠭᠤᠨᠰᠢᠬᠢ ᠬᠡᠰᠡᠭ ᠭᠠᠵᠠᠷ ᠤᠨ | ᠳᠤᠯᠠᠭᠠᠨ ᠤ ᠬᠡᠮᠵᠢᠶ᠎ᠡ ᠪᠠᠭᠤᠷᠠᠭᠠᠳ 16℃ ᠢ ᠳᠠᠪᠠᠨ᠎ᠠ᠃ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠴᠠᠭ ᠠᠭᠤᠷ ᠤᠨ ᠲᠣᠪᠴᠢᠶᠠᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ | ᠪᠠᠭᠠᠰᠬᠠᠬᠤ ᠭᠠᠵᠠᠷ ᠵᠡᠷᠭᠡ 9 ᠰᠢᠭᠤᠳ ᠬᠠᠷᠢᠶ᠎ᠠ ᠨᠢᠭᠡᠴᠢ ᠶᠢᠨ ᠬᠢᠨ ᠳᠠᠷᠦ᠋ᠢᠬᠠᠨ ᠪᠠᠴᠢᠮ ᠪᠠᠶᠢᠳᠠᠯ ᠢ ᠠᠷᠭᠠᠴᠠᠭᠠᠬᠤ | ᠪᠠᠶᠢᠳᠠᠯ ᠳᠤ ᠣᠷᠣᠪᠠ᠃ ᠠᠯᠠᠱᠠ ᠠᠶᠢᠮᠠᠭ᠂ ᠪᠠᠶᠠᠨᠨᠠᠭᠤᠷ ᠬᠤᠳᠠ᠂ ᠬᠥᠬᠡᠬᠤᠲᠠ ᠵᠡᠷᠭᠡ 11 ᠠᠶᠢᠮᠠᠭ ᠬᠤᠳᠠ ᠶᠢᠨ | ᠴᠠᠭ ᠠᠭᠤᠷ ᠤᠨ ᠲᠣᠪᠴᠢᠶ᠎ᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠵᠣᠬᠢᠬᠤ ᠲᠡᠰ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠢ ᠡᠬᠢᠯᠡᠭᠦᠯᠬᠦ ᠪᠠᠷ ᠪᠤᠢ᠃ ᠡᠯ᠎ᠡ ᠨᠢᠭᠡᠴᠢ ᠶᠢᠨ ᠬᠢᠨ 24 ᠴᠠᠭ ᠢᠶᠠᠷ | ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠠᠷ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ | ᠵᠢᠴᠢ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠬᠤ ᠬᠡᠷᠡᠭᠲᠡᠢ᠃ | |