ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠩᠭᠤᠨ ᠤ ᠬᠦᠷᠢᠶᠡᠯᠡᠩ 1960 ᠣᠨ ᠳᠤ | ᠪᠠᠶᠢᠭᠤᠯᠤᠭᠳᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨᠲᠤ ᠪᠠᠯᠭᠠᠰᠤ ᠶᠢᠨ ᠲᠠ ᠱᠠᠨ ᠨᠡᠶᠢᠭᠡᠮ | ᠲᠣᠭᠤᠷᠢᠭ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠤᠩᠭᠤᠨ ᠤ ᠬᠦᠷᠢᠶᠡᠯᠡᠩ ᠤᠨ ᠲᠠᠯᠠᠪᠠᠢ ᠨᠢ 66217 . 53 | ᠲᠡᠭᠰᠢ ᠳᠥᠷᠪᠡᠯᠵᠢᠨ ᠮᠧᠳ᠋ᠷ ᠪᠠᠶᠢᠵᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠬᠡᠷᠡᠭᠯᠡᠬᠦ ᠦᠨᠡᠮᠯᠡᠯ ᠢ | ᠭᠦᠢᠴᠡᠳᠬᠡᠭᠰᠡᠨ ᠦᠭᠡᠢ᠃ ᠤᠤᠯ ᠤᠨ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ | ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢ ᠲᠣᠭᠲᠠᠭᠠᠬᠤ ᠲᠤᠬᠠᠢ ᠲᠣᠭᠲᠠᠭᠠᠯ ᠤᠳ︾ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵1995 ᠤᠯᠤᠰ ᠤᠨ ᠨᠤᠲᠤᠭ ᠳᠡᠪᠢᠰᠬᠡᠷ ᠤᠨ ᠬᠠᠷᠢᠶ᠎ᠠ︶ 26 | ᠳ᠋ᠤᠭᠠᠷ ᠲᠣᠭᠠᠲᠤ︶᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠲᠡᠦᠬᠡ ᠶᠢᠨ ᠦᠯᠡᠳᠡᠭᠳᠡᠯ ᠠᠰᠠᠭᠤᠳᠠᠯ ᠤᠳ ᠤᠨ ᠲᠤᠬᠠᠶ ᠮᠡᠳᠡᠭᠳᠡᠯ︾ ︵ᠪᠠᠶᠢᠭᠠᠯᠢ ᠡᠬᠢ ᠪᠠᠶᠠᠯᠢᠭ | ᠲᠠᠷᠬᠠᠭᠠᠭᠰᠠᠨ 2021 ᠳ᠋ᠦᠭᠡᠷ ᠲᠣᠭᠠᠲᠤ︶ ᠪᠠ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠦᠷ | ᠬᠡᠷᠡᠭᠵᠢᠭᠦᠯᠬᠦ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ᠂ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠣᠩᠭᠤᠨ ᠤ | ᠭᠠᠵᠠᠷ ᠤᠨ ᠡᠷᠬᠡ ᠶᠢ ᠭᠤᠶᠤᠴᠢᠯᠠᠬᠤ ᠲᠤᠬᠠᠶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠡᠷᠢᠭ ᠤᠨ | ᠶᠠᠪᠤᠳᠠᠯ ᠤᠨ ᠲᠣᠪᠴᠢᠶᠠᠨ ᠤ ᠵᠠᠬᠢᠳᠠᠯ︾ ᠤᠨ ᠶᠣᠰᠣᠭᠠᠷ᠂ ᠬᠢᠷᠢ ᠬᠡᠮ ᠲᠠᠢ ᠨᠢᠭᠡᠴᠢ ᠶᠢ ᠵᠣᠬᠢᠶᠠᠨ ᠪᠠᠶᠢᠭᠤᠯᠬᠤ ᠪᠠᠷ | ᠳᠠᠮᠵᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠤᠨ ᠬᠦᠷᠢᠶ᠎ᠡ ᠬᠡᠪᠴᠢᠶ᠎ᠡ ᠶᠢ ᠬᠡᠮᠵᠢᠬᠦ ᠪᠠ ᠡᠷᠬᠡ ᠶᠢᠨ ᠬᠠᠷᠢᠶ᠎ᠠ ᠶᠢ ᠪᠠᠶᠢᠴᠠᠭᠠᠨ ᠬᠢᠨᠠᠨ᠎ᠠ᠂ ᠲᠡᠭᠡᠬᠦ | ᠮᠥᠷᠲᠡᠭᠡᠨ ᠮᠠᠨ ᠤ ᠲᠣᠪᠴᠢᠶ᠎ᠠ ᠠᠩᠬᠠᠨ ᠤ ᠬᠢᠨᠠᠯᠲᠠ ᠶᠢ ᠪᠠᠢᠴᠠᠭᠠᠨ᠎ᠠ᠂ ᠤᠳᠤ ᠠᠯᠪᠠᠨ ᠵᠠᠷ ᠢᠶᠠᠷ ᠨᠡᠶᠢᠲᠡᠯᠡᠶ᠎ᠡ᠄ | ᠨᠢᠭᠡ᠂ ᠭᠠᠵᠠᠷ ᠬᠡᠷᠡᠭᠯᠡᠬᠦ ᠴᠠᠭ᠄ 1960 ᠣᠨ | ᠬᠤᠶᠠᠷ᠂ ᠬᠡᠷᠡᠭᠯᠡᠬᠦ ᠭᠠᠵᠠᠷ ᠤᠨ ᠲᠠᠯᠠᠪᠠᠢ᠄ 66217 . 53 ᠲᠡᠭᠰᠢ ᠳᠥᠷᠪᠡᠯᠵᠢᠨ ᠮᠧᠲᠷ | ᠭᠤᠷᠪᠠ᠂ ᠭᠠᠵᠠᠷ ᠰᠢᠷᠣᠶ ᠶᠢᠨ ᠳᠥᠷᠪᠡᠨ ᠵᠠᠬ᠎ᠠ ᠶᠢᠨ ᠬᠦᠷᠢᠶ᠎ᠡ ᠬᠡᠪᠴᠢᠶ᠎ᠡ᠄ ᠳᠠᠭᠠᠯᠳᠤᠭᠤᠯᠤᠯ ᠤᠨ ᠭᠠᠵᠠᠷ ᠤᠨ | ᠵᠢᠷᠤᠭ ︽ᠬᠢᠯᠢ ᠶᠢᠨ ᠬᠠᠶ᠋ᠢᠭ ᠤᠨ ᠴᠡᠭ ᠤᠨ ᠪᠠᠶᠢᠷᠢᠰᠢᠯ ᠤᠨ ᠬᠦᠰᠦᠨᠦᠭᠲᠦ︾ ᠳᠤ ᠦᠵᠡ᠃ | ᠳᠥᠷᠪᠡ᠂ ᠭᠠᠵᠠᠷ ᠬᠡᠷᠡᠭᠯᠡᠬᠦ ᠡᠷᠬᠡᠲᠦ ᠬᠥᠮᠦᠨ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠃ | ᠭᠠᠵᠠᠷ ᠰᠢᠷᠣᠢ ᠬᠡᠷᠡᠭᠯᠡᠬᠦ ᠡᠷᠬᠡᠲᠦ ᠬᠥᠮᠦᠨ ᠵᠢᠴᠢ ᠠᠰᠢᠭ ᠬᠤᠣᠷ ᠤᠨ ᠬᠠᠷᠢᠴᠠᠭ᠎ᠠ ᠲᠠᠢ ᠪᠤᠰᠤᠳ ᠬᠥᠮᠦᠨ | ᠬᠡᠷᠪᠡ ᠳᠡᠭᠡᠷᠡᠬᠢ ᠠᠯᠪᠠᠨ ᠵᠠᠷ ᠤᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠠᠯᠪᠠᠨ ᠵᠠᠷ ᠨᠡᠶᠢᠲᠡᠯᠡᠭᠰᠡᠨ | ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠮᠠᠨ ᠤ ᠲᠣᠪᠴᠢᠶ᠎ᠠ ᠳᠤ ᠳᠠᠪᠲᠠᠨ ᠪᠠᠶᠢᠴᠠᠭᠠᠯᠭᠠᠬᠤ | ᠭᠤᠶᠤᠴᠢᠯᠠᠯ ᠢᠶᠠᠨ ᠪᠢᠴᠢᠭ ᠢᠶᠠᠷ ᠳᠤᠷᠠᠳᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ | ᠲᠤᠰᠢᠶᠠᠬᠤ ᠬᠡᠷᠡᠭᠲᠡᠢ᠃ ᠠᠯᠪᠠᠨ ᠵᠠᠷ ᠤᠨ ᠬᠤᠭᠤᠴᠠᠭ᠎ᠠ ᠳᠠᠭᠤᠰᠲᠠᠯ᠎ᠠ ᠤᠨᠳᠤᠤ ᠰᠠᠨᠠᠯ ᠥᠬᠡᠶ ᠪᠤᠶᠤ ᠤᠨᠳᠤᠤ ᠰᠠᠨᠠᠯ | ᠥᠬᠡᠶ ᠪᠣᠯ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠦᠯᠬᠦ ᠲᠦᠷ ᠬᠡᠷᠡᠭᠵᠢᠭᠦᠯᠬᠦ ᠲᠦᠷᠢᠮ ᠢ | ᠬᠡᠷᠡᠭᠵᠢᠭᠦᠯᠬᠦ ᠨᠠᠷᠢᠨ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠮᠠᠨ ᠤ ᠲᠣᠪᠴᠢᠶ᠎ᠠ ᠠᠴᠠ | ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠡᠷᠬᠡ ᠶᠢ | ᠨᠤᠲᠠᠯᠠᠨ ᠳᠡᠩᠰᠡᠯᠡᠵᠦ ᠥᠭᠭᠦᠨ᠎ᠡ᠃ | ᠲᠠᠪᠤ᠂ ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0479 - 6521383 | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | | | |