ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ 2025 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ︵ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ︶᠎ ᠶᠢᠨ ᠲᠥᠷᠥᠯ ᠵᠦᠶ᠋ᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ᠃
ᠨᠡᠶᠢᠲᠡᠯᠡᠭᠰᠡᠨ ᠴᠠᠭ᠄
2025/3/27
    ᠡᠯ᠎ᠡ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ᠄ ︽2025 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ︶᠎ ᠶᠢᠨ ᠲᠥᠷᠥᠯ ᠵᠦᠶ᠋ᠯ ᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠪᠡᠯᠡᠳᠬᠡᠯ ᠮᠠᠲ᠋ᠧᠷᠢᠶᠠᠯ ᠢ ᠲᠣᠭᠲᠠᠭᠰᠠᠨ ᠴᠠᠭ ᠤᠨ ᠳᠣᠲᠣᠷ᠎ᠠ ᠳᠠᠮᠵᠢᠭᠤᠯᠬᠤ ᠶᠢᠨ ᠬᠠᠮᠲᠤ ᠲᠤᠰᠢᠶᠠᠬᠤ ᠬᠡᠷᠡᠭᠲᠡᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠮᠡᠳᠡᠭᠦᠯᠬᠦ ᠲᠠᠪᠴᠠᠩ ᠤᠨ ᠴᠠᠭ ᠲᠤᠬᠠᠶ ᠳᠤᠨᠢ ᠮᠡᠳᠡᠭᠦᠯᠬᠦ ᠬᠢᠵᠠᠭᠠᠷ    ᠡᠯ᠎ᠡ ᠭᠤᠶᠤᠴᠢᠯᠠᠨ ᠮᠡᠳᠡᠭᠦᠯᠬᠦ ᠨᠢᠭᠡᠴᠡ ᠱᠠᠭᠠᠷᠳᠠᠯᠭ᠎ᠠ ᠶᠣᠰᠣᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ︾ ︵ᠰᠦᠯᠵᠢᠶᠡᠨ ᠬᠠᠶ᠋ᠢᠭ http᠄ / / www . mengkeju . com︶᠎ ᠢᠶᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ︾ ︵ᠰᠦᠯᠵᠢᠶᠡᠨ ᠬᠠᠶ᠋ᠢᠭ https᠄ / / f . nmkjt . org . cn︶᠎ ᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠬᠡᠷᠡᠭᠲᠡᠶ᠂ ᠪᠤᠰᠤᠳ ᠠᠷᠭ᠎ᠠ ᠮᠠᠶ᠋ᠢᠭ ᠢᠶᠠᠷ ᠭᠤᠶᠤᠴᠢᠯᠠᠨ ᠮᠡᠳᠡᠭᠦᠯᠬᠦ ᠲᠥᠷᠥᠯ ᠵᠦᠶ᠋ᠯ ᠢ ᠭᠥᠯᠢᠶᠡᠨ ᠠᠪᠴᠤ ᠰᠢᠶ᠋ᠳᠪᠦᠷᠢᠯᠡᠬᠦ ᠥᠬᠡᠶ ︵ᠰᠦᠯᠵᠢᠶᠡᠨ ᠳᠡᠭᠡᠷ᠎ᠡ ᠭᠤᠶᠤᠴᠢᠯᠠᠨ᠃ ᠲᠥᠷᠥᠯ ᠵᠦᠶ᠋ᠯ ᠭᠤᠶᠤᠴᠢᠯᠠᠨ ᠮᠡᠳᠡᠭᠦᠯᠬᠦ ᠨᠢᠭᠡᠴᠡ ᠶᠢᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠪᠢᠴᠢᠭ ᠲᠠᠭᠯᠠᠬᠤ ᠴᠠᠭ ᠨᠢ 2025 ᠣᠨ ᠤ 4 ᠳ᠋ᠦᠭᠡᠷ ᠰᠠᠷ᠎ᠠ ᠶᠢᠨ 29᠎ ᠤ ᠡᠳᠦᠷ ᠤᠨ 16᠄ 00 ᠪᠣᠯᠤᠨ᠎ᠠ᠂ ᠭᠤᠶᠤᠴᠢᠯᠠᠨ ᠮᠡᠳᠡᠭᠦᠯᠬᠦ ᠴᠠᠭ ᠨᠢ ᠳᠠᠭᠤᠰᠤᠭᠰᠠᠨ ᠤ ᠳᠠᠷᠠᠭ᠎ᠠ ᠰᠢᠰᠲ᠋ᠧᠮ ᠨᠢ ᠠᠶᠠᠨᠳᠠᠭᠠᠨ ᠬᠠᠭᠠᠭᠳᠠᠨ᠎ᠠ᠃    ᠬᠤᠶᠠᠷ᠂ ᠮᠡᠳᠡᠭᠦᠯᠬᠦ ᠤᠷᠢᠲᠠᠯ    ᠭᠤᠶᠤᠴᠢᠯᠠᠯ ᠤᠨ ᠪᠢᠴᠢᠭ ᠲᠠᠬᠢ ᠲᠥᠷᠥᠯ ᠵᠦᠶ᠋ᠯ ᠤᠨ ᠲᠦᠷᠦᠭᠦᠯᠡᠬᠦ ᠨᠢᠭᠡᠴᠡ ᠶᠢᠨ ᠠᠯᠪᠠᠨ ᠲᠠᠮᠠᠭ᠎ᠠ ᠪᠣᠯᠤᠨ ᠬᠠᠤᠯᠢ ᠶᠢᠨ ᠡᠷᠬᠡᠲᠡᠨ ᠤ ᠲᠥᠯᠥᠭᠡᠯᠡᠭᠴᠢ ᠶᠢᠨ ᠨᠡᠷ᠎ᠡ ᠶᠢᠨ ᠲᠠᠮᠠᠭ᠎ᠠ ᠪᠤᠶᠤ ᠬᠤᠪᠢ ᠬᠥᠮᠦᠨ ᠭᠠᠷ ᠤᠨ ᠦᠰᠦᠭ ᠵᠢᠷᠤᠬᠤ ᠳᠤ ᠡᠷᠬᠡᠪᠰᠢ ᠡᠯᠧᠺᠲᠷᠣᠨ ᠲᠠᠮᠠᠭ᠎ᠠ ᠶᠢ ᠬᠡᠷᠡᠭᠯᠡᠵᠦ᠂ ᠮᠡᠳᠡᠭᠦᠯᠦᠭᠰᠡᠨ ᠨᠢᠭᠡᠴᠡ ᠶᠢᠨ ᠬᠠᠮᠢᠶᠠᠷᠤᠭᠴᠢ ᠠᠴᠠ ᠨᠢᠭᠡᠳᠦᠯᠲᠡᠶ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃ ᠭᠤᠶᠤᠴᠢᠯᠠᠨ ᠮᠡᠳᠡᠭᠦᠯᠬᠦ ᠠᠴᠠ ᠡᠮᠦᠨ᠎ᠡ ᠡᠯᠧᠺᠲᠷᠣᠨ ᠲᠠᠮᠠᠭ᠎ᠠ ᠪᠠᠨ ᠭᠦᠶ᠋ᠴᠡᠳᠬᠡᠭᠡᠷᠡᠶ ︵7 ᠡᠳᠦᠷ ᠠᠴᠠ ᠡᠮᠦᠨ᠎ᠡ ᠥᠪᠥᠷ ᠮᠣᠩᠭᠤᠯ ᠤᠨ ᠲᠣᠭᠠᠴᠢᠯᠠᠭᠰᠠᠨ ᠦᠨᠡᠮᠯᠡᠯ ᠢ ᠭᠡᠷᠡᠴᠢᠯᠡᠬᠦ ᠬᠢᠵᠠᠭᠠᠷᠲᠤ ᠺᠣᠮᠫᠠᠨᠢ ᠶᠢᠨ ᠠᠯᠪᠠᠨ ᠰᠦᠯᠵᠢᠶ᠎ᠡ᠄ http᠄ / / ws . nmgca . com᠄ 8880︶᠎ ᠳᠤ ᠭᠠᠷᠴᠤ ᠭᠦᠶ᠋ᠴᠡᠳᠬᠡᠭᠡᠷᠡᠶ᠃ ᠬᠠᠮᠢᠶ᠎ᠠ ᠪᠥᠬᠦᠶ ᠳᠠᠭᠠᠯᠳᠤᠭᠤᠯᠤᠯ ᠳᠤ ᠬᠡᠷᠡᠭᠰᠡᠬᠦ ᠨᠢᠭᠡᠴᠢ ᠶᠢᠨ ᠠᠯᠪᠠᠨ ᠲᠠᠮᠠᠭ᠎ᠠ ᠪᠠ ᠬᠤᠪᠢ ᠬᠥᠮᠦᠨ ᠤ ᠨᠡᠷ᠎ᠡ ᠶᠢᠨ ᠲᠠᠮᠠᠭ᠎ᠠ ︵ᠪᠤᠶᠤ ᠬᠤᠪᠢ ᠬᠥᠮᠦᠨ ᠤ ᠭᠠᠷ ᠤᠨ ᠥᠰᠥᠭ︶᠎ ᠳᠤ ᠡᠯᠧᠺᠲᠷᠣᠨ ᠲᠠᠮᠠᠭ᠎ᠠ ᠬᠡᠷᠡᠭ ᠥᠬᠡᠶ᠂ ᠰᠦᠯᠵᠢᠶᠡᠨ ᠭᠠᠳᠠᠨ᠎ᠠ ᠲᠠᠮᠠᠭ᠎ᠠ ᠳᠠᠷᠤᠵᠤ᠂ ᠭᠠᠷ ᠤᠨ ᠥᠰᠥᠭ ᠵᠢᠷᠤᠭᠰᠠᠨ ᠤ ᠳᠠᠷᠠᠭ᠎ᠠ PDF ᠬᠡᠯᠪᠡᠷᠢ ᠪᠠᠷ ᠳᠡᠭᠡᠭᠰᠢ ᠳᠠᠮᠵᠢᠭᠤᠯᠬᠤ ᠰᠢᠰᠲ᠋ᠧᠮ ᠢ ᠰᠢᠷᠪᠢᠨ᠎ᠡ᠃    ᠭᠤᠷᠪᠠ᠂ ᠠᠰᠠᠭᠤᠨ ᠯᠠᠪᠯᠠᠬᠤ ᠪᠠᠷ ᠮᠡᠳᠡᠭᠦᠯᠬᠦ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠲᠠᠰᠤᠭ᠂ ᠬᠠᠷᠢᠯᠴᠠᠬᠤ ᠬᠥᠮᠦᠨ᠄ ᠶᠠᠨ ᠪᠥᠸᠧ ᠢᠦᠶ︔ ᠳ᠋ᠢᠶᠠᠩᠬᠤᠸᠠ᠄ 04796510522᠃    ᠳᠠᠭᠠᠯᠳᠤᠭᠤᠯᠤᠯ᠃ ᠲᠣᠰ ᠮᠡᠳᠡᠭᠳᠡᠯ ᠤᠨ ᠳᠠᠭᠠᠯᠳᠤᠭᠤᠯᠤᠯ ᠡᠯᠧᠺᠲᠷᠣᠨ ᠬᠡᠪᠯᠡᠯ ᠢ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠠᠯᠪᠠᠨ ᠰᠦᠯᠵᠢᠶ᠎ᠡ ᠠᠴᠠ ᠪᠠᠭᠤᠯᠭᠠᠭᠠᠷᠠᠶ᠄ https᠄ / / kjt . nmg . gov . cn / kjdt / tzg / 20250319268430 . html᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号