ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠦᠶ᠋ᠯᠡᠳᠪᠦᠷᠢᠯᠡᠯ ᠤᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠲᠥᠷᠥᠯ ᠵᠦᠶ᠋ᠯ ᠢ ᠢᠯᠡ ᠪᠠᠷ ᠰᠢᠯᠢᠨ ᠰᠣᠩᠭᠤᠬᠤ ᠦᠶ᠋ᠯᠡᠴᠢᠯᠡᠭᠡ ᠶᠢ ᠬᠡᠷᠡᠭᠵᠢᠭᠦᠯᠬᠦ ᠭᠤᠤᠯ ᠴᠣᠭᠴᠠ ᠶᠢᠨ ᠲᠤᠬᠠᠶ ᠠᠯᠪᠠᠨ ᠵᠠᠷ᠃
ᠨᠡᠶᠢᠲᠡᠯᠡᠭᠰᠡᠨ ᠴᠠᠭ᠄
2025/3/27
    2025 ᠣᠨ ᠳᠤ ᠰᠢᠯᠤᠭᠤᠨ ᠬᠥᠪᠡᠭᠡᠲᠦ ᠴᠠᠭᠠᠨ ᠬᠤᠰᠢᠭᠤ ᠨᠢ ᠲᠠᠷᠢᠶᠠᠯᠠᠩ ᠤᠨ ᠦᠶ᠋ᠯᠡᠳᠪᠦᠷᠢᠯᠡᠯ ᠤᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠲᠥᠷᠥᠯ ᠵᠦᠶ᠋ᠯ ᠢ ᠦᠷᠭᠦᠯᠵᠢᠯᠡᠨ ᠬᠡᠷᠡᠭᠵᠢᠭᠦᠯᠵᠦ᠂ ︽ᠢᠯᠡ ᠲᠣᠳᠣ᠂ ᠲᠥᠪ ᠭᠤᠤᠯᠴᠢ᠂ ᠡᠷᠬᠡ ᠲᠡᠭᠰᠢ︾ ᠠᠷᠭ᠎ᠠ ᠬᠡᠯᠪᠡᠷᠢ ᠪᠠᠷ᠂ ᠪᠥᠬᠦ ᠬᠤᠰᠢᠭᠤᠨ ᠤ ᠬᠡᠪᠴᠢᠶᠡᠨ ᠳᠤ ᠨᠢᠭᠡ ᠪᠦᠯᠦᠭ ᠲᠠᠷᠢᠶᠠᠯᠠᠩ ᠤᠨ ᠦᠶ᠋ᠯᠡᠳᠪᠦᠷᠢᠯᠡᠯ ᠳᠤ ᠰᠢᠯᠢᠳᠡᠭ ᠦᠶ᠋ᠯᠡᠴᠢᠯᠡᠭᠡ ᠬᠠᠩᠭᠠᠬᠤ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠢᠯᠢᠨ ᠰᠣᠩᠭᠤᠨ᠎ᠠ᠂ ᠣᠲᠣ ᠬᠤᠯᠪᠣᠭᠳᠠᠯ ᠪᠥᠬᠦᠶ ᠨᠡᠷ᠎ᠡ ᠮᠡᠳᠡᠭᠦᠯᠬᠦ ᠵᠦᠶ᠋ᠯᠡᠰ ᠢ ᠳᠤᠤᠷᠠᠬᠢ ᠮᠡᠲᠦ ᠵᠠᠷᠯᠠᠶ᠎ᠠ᠄    ᠨᠢᠭᠡ᠂ ᠦᠨᠳᠦᠰᠦᠨ ᠵᠠᠷᠴᠢᠮ    ᠰᠠᠶᠢᠨ ᠳᠤᠷ᠎ᠠ ᠠᠴᠠ ᠪᠠᠨ ᠮᠡᠳᠡᠭᠦᠯᠬᠦ᠂ ᠰᠤᠮᠤ ᠪᠠᠯᠭᠠᠰᠤ ᠠᠴᠠ ᠲᠠᠨᠢᠯᠴᠠᠭᠤᠯᠬᠤ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠣᠭᠲᠠᠭᠠᠨ᠎ᠠ᠃    ᠬᠤᠶᠠᠷ᠂ ᠮᠡᠳᠡᠭᠦᠯᠬᠦ ᠠᠭᠤᠯᠭ᠎ᠠ    ᠠᠮᠤ ᠪᠤᠳᠠᠭ᠎ᠠ ᠲᠣᠰᠣᠨ ᠤ ᠲᠠᠷᠢᠮᠠᠯ ᠵᠡᠷᠭᠡ ᠭᠤᠤᠯᠯᠠᠬᠤ ᠠᠵᠤ ᠦᠶ᠋ᠯᠡᠰ ᠪᠠ ᠲᠠᠷᠢᠶᠠᠴᠢᠳ ᠤᠨ ᠪᠠᠴᠢᠮ ᠬᠡᠷᠡᠭᠰᠡᠬᠦ ᠵᠠᠩᠭᠢᠯᠠᠭ᠎ᠠ ᠶᠢᠨ ᠭᠤᠭᠴᠤᠭ᠎ᠠ ᠪᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠠᠮᠤ ᠪᠤᠳᠠᠭ᠎ᠠ ᠲᠣᠰᠣᠨ ᠤ ᠦᠶ᠋ᠯᠡᠳᠪᠦᠷᠢᠯᠡᠯ ᠤᠨ ᠲᠠᠷᠢᠶᠠᠴᠢᠨ ᠡᠷᠦᠬᠡ ᠪᠠ ᠭᠤᠤᠯ ᠴᠣᠭᠴᠠ ᠳᠤ ᠲᠠᠷᠢᠶᠠᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠢᠴᠢ ᠨᠢᠭᠡᠳᠦᠯᠲᠡᠶ ᠰᠡᠷᠭᠡᠶᠢᠯᠡᠨ ᠵᠠᠰᠠᠬᠤ ᠵᠡᠷᠭᠡ ᠦᠶ᠋ᠯᠡᠴᠢᠯᠡᠭᠡ ᠬᠠᠩᠭᠠᠵᠤ᠂ ᠪᠣᠬᠢᠷᠲᠤᠯ ᠥᠬᠡᠶ ᠠᠮᠢ ᠠᠬᠤᠶ ᠶᠢᠨ ᠥᠨᠳᠥᠷ ᠪᠦᠲᠦᠮᠵᠢᠲᠡᠶ ᠣᠲᠣ ᠦᠶ᠎ᠡ ᠶᠢᠨ ᠲᠠᠷᠢᠶᠠᠯᠠᠩ ᠤᠨ ᠦᠶ᠋ᠯᠡᠳᠪᠦᠷᠢᠯᠡᠯ ᠤᠨ ᠠᠷᠭ᠎ᠠ ᠮᠠᠶ᠋ᠢᠭ ᠢ ᠲᠥᠪᠯᠡᠷᠡᠭᠦᠯᠦᠨ ᠵᠠᠯᠭᠠᠯᠳᠤᠭᠤᠯᠤᠨ ᠳᠡᠯᠭᠡᠷᠡᠭᠦᠯᠵᠦ᠂ ᠵᠢᠵᠢᠭ ᠲᠠᠷᠢᠶᠠᠴᠢᠨ ᠡᠷᠦᠬᠡ ᠶᠢ ᠳᠠᠶᠢᠴᠢᠯᠠᠨ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠦᠨ᠎ᠡ᠃ ᠪᠥᠬᠦ ᠶᠠᠪᠤᠴᠠ ᠶᠢ ᠨᠠᠶᠢᠳᠠᠨ ᠬᠠᠮᠢᠶᠠᠷᠤᠭᠤᠯᠬᠤ᠂ ᠵᠠᠩᠭᠢᠯᠠᠭ᠎ᠠ ᠶᠢᠨ ᠭᠤᠭᠴᠤᠭ᠎ᠠ ᠶᠢ ᠨᠠᠶᠢᠳᠠᠨ ᠬᠠᠮᠢᠶᠠᠷᠤᠭᠤᠯᠬᠤ ᠪᠠ ᠣᠯᠠᠨ ᠭᠤᠭᠴᠤᠭ᠎ᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠦᠶ᠋ᠯᠡᠴᠢᠯᠡᠭᠡᠨ ᠤ ᠵᠠᠭᠪᠤᠷ ᠢ ᠬᠥᠭᠵᠢᠭᠦᠯᠬᠦ ᠶᠢ ᠳᠡᠮᠵᠢᠵᠦ᠂ ᠵᠢᠵᠢᠭ ᠲᠠᠷᠢᠶᠠᠴᠢᠨ ᠡᠷᠦᠬᠡ ᠶᠢᠨ ᠦᠶ᠋ᠯᠡᠴᠢᠯᠡᠭᠡ ᠬᠦᠯᠢᠶᠡᠬᠦ ᠢᠳᠡᠪᠬᠢᠵᠢᠯ ᠢ ᠳᠠᠶᠢᠴᠢᠯᠠᠨ᠂ ᠦᠶ᠋ᠯᠡᠴᠢᠯᠡᠭᠡ ᠪᠠᠷ ᠳᠠᠶᠢᠴᠢᠯᠠᠬᠤ ᠬᠡᠯᠪᠡᠷᠢ ᠶᠢᠨ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠤᠨ ᠦᠶ᠋ᠯᠡᠳᠪᠦᠷᠢᠯᠡᠯ ᠤᠨ ᠴᠢᠨᠠᠷᠲᠠᠶ ᠦᠶ᠋ᠯᠡᠴᠢᠯᠡᠭᠡᠨ ᠤ ᠦᠶ᠋ᠯᠡᠰ ᠤᠨ ᠬᠥᠭᠵᠢᠯᠲᠡ ᠶᠢ ᠠᠬᠢᠭᠤᠯᠤᠨ᠎ᠠ᠃    ᠭᠤᠶᠤᠴᠢᠯᠠᠬᠤ ᠨᠥᠬᠦᠴᠡᠯ᠃    1 . ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠵᠠᠷᠴᠢᠮ ᠳᠡᠭᠡᠷ᠎ᠡ ᠪᠠᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠶᠠᠷ ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠢ᠃    2 . ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠡᠷᠬᠡᠪᠰᠢ ᠬᠠᠤᠯᠢ ᠶᠣᠰᠣᠭᠠᠷ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠯᠠᠩ ᠤᠨ ᠲᠤᠰᠬᠠᠶ ᠠᠵᠢᠯ ᠤᠨ ᠬᠤᠷᠰᠢᠶ᠎ᠠ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠣᠯᠠᠨ ᠵᠦᠢᠯ ᠤᠨ ᠬᠡᠯᠪᠡᠷᠢ ᠮᠠᠶ ᠢᠭ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠪᠠᠶᠢᠬᠤ ᠬᠡᠷᠡᠭᠲᠡᠶ᠂ ᠬᠤᠪᠢ ᠬᠥᠮᠦᠨ ᠤ ᠨᠡᠷ᠎ᠡ ᠪᠠᠷ ᠢᠶᠠᠨ ᠮᠡᠳᠡᠭᠦᠯᠵᠦ ᠪᠣᠯᠬᠤ ᠦᠭᠡᠶ᠃    3 . ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠩ ᠭᠠᠭᠴᠠ ᠵᠠᠩᠭᠢᠯᠠᠭ᠎ᠠ ᠶᠢᠨ ᠦᠶ᠋ᠯᠡᠴᠢᠯᠡᠭᠡᠨ ᠤ ᠴᠢᠳᠠᠪᠤᠷᠢ ᠶᠢ 5000 ᠮᠥ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠡᠷᠬᠡᠪᠰᠢ ᠲᠡᠭᠦᠨ ᠤ ᠦᠢᠯᠡᠴᠢᠯᠡᠭᠡᠨ ᠤ ᠬᠡᠪᠴᠢ᠊ ᠡᠶ᠎ᠡ᠂ ᠦᠢᠯᠡᠴᠢᠯᠡᠭᠡᠨ ᠤ ᠴᠢᠳᠠᠪᠤᠷᠢ ᠲᠠᠢ ᠪᠠᠨ ᠵᠣᠬᠢᠴᠠᠯᠳᠤᠭᠰᠠᠨ ᠲᠤᠰᠬᠠᠢ ᠮᠡᠷᠭᠡᠵᠢᠯ ᠤᠨ ᠲᠠᠷᠢᠶᠠᠯᠠᠩ ᠤᠨ ᠮᠧᠬᠠᠨᠢᠭ ᠲᠥᠬᠦᠭᠡᠷᠦᠮᠵᠢ᠂ ᠮᠡᠷᠭᠡᠵᠢᠯᠲᠡᠨ ᠵᠢᠴᠢ ᠪᠤᠰᠤᠳ ᠰᠠᠭᠤᠷᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃    4 . ᠲᠠᠷᠢᠶᠠᠴᠢᠨ ᠲᠦᠮᠡᠨ ᠤ ᠳᠤᠮᠳᠠ ᠰᠠᠶᠢᠨ ᠰᠠᠶᠢᠬᠠᠨ ᠨᠡᠶᠢᠭᠡᠮ ᠤᠨ ᠢᠲᠡᠭᠡᠯ ᠬᠦᠨᠳᠦ ᠲᠠᠢ ᠪᠠᠶᠢᠵᠤ᠂ ᠬᠠᠩᠭᠠᠭᠰᠠᠨ ᠦᠢᠯᠡᠴᠢᠯᠡᠭᠡ ᠨᠢ ᠶᠠᠰᠤ ᠴᠢᠨᠠᠷ ᠪᠠ ᠦᠨ᠎ᠡ ᠬᠠᠩᠰᠢ ᠶᠢᠨ ᠲᠠᠯ᠎ᠠ ᠪᠠᠷ ᠦᠢᠯᠡᠴᠢᠯᠡᠬᠦ ᠡᠲᠡᠭᠡᠳ ᠤᠨ ᠨᠡᠶᠢᠳᠡᠮ ᠵᠥᠪᠰᠢᠶᠡᠷᠡᠯ ᠢ ᠣᠯᠤᠨ᠎ᠠ᠃ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠵᠤ᠂ ᠬᠠᠮᠢᠶᠠᠷᠤᠯᠲᠠ ᠶᠢᠨ ᠪᠦᠲᠦᠴᠡ ᠶᠢ ᠪᠦᠷᠢᠨᠰᠢᠬᠦᠯᠬᠦ ᠪᠠ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠦᠨ᠎ᠡ᠃    5 . ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠰᠠᠶᠢᠨ ᠳᠤᠷ᠎ᠠ ᠠᠴᠠ ᠪᠠᠨ ᠬᠦᠯᠢᠶᠡᠬᠦ ᠶᠢᠨ ᠬᠠᠮᠲᠤ ᠲᠡᠭᠦᠨ ᠤ ᠵᠢᠯᠣᠭᠤᠳᠤᠯᠭ᠎ᠠ ᠳᠣᠣᠷ᠎ᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠥᠷᠨᠢᠭᠦᠯᠬᠦ ᠬᠡᠷᠡᠭᠲᠡᠶ᠃    6 . ᠬᠡᠷᠡᠭᠵᠢᠭᠦᠯᠬᠦ ᠲᠥᠷᠥᠯ ᠵᠦᠶ᠋ᠯ ᠢ ᠳᠠᠭᠠᠭᠠᠨ ᠠᠪᠤᠭᠰᠠᠨ ᠤ ᠳᠠᠷᠠᠭ᠎ᠠ᠂ ᠬᠡᠷᠡᠭᠵᠢᠭᠦᠯᠦᠭᠰᠡᠨ ᠠᠬᠢᠴᠠ ᠶᠢᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠂ ᠡᠭᠦᠨ ᠳᠤ ᠪᠡᠶᠡᠯᠡᠭᠦᠯᠦᠭᠰᠡᠨ ᠲᠠᠯᠠᠪᠠᠶ᠂ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠠᠵᠢᠯ ᠢ ᠬᠡᠷᠡᠭᠵᠢᠭᠦᠯᠦᠭᠰᠡᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ︵ᠬᠡᠷᠡᠯ ᠵᠢᠷᠤᠭ ᠪᠤᠶᠤ ᠬᠠᠷᠠᠭᠠᠨ ᠳᠠᠪᠲᠠᠮᠵᠢ︶ ᠵᠡᠷᠭᠡ ᠠᠭᠤᠯᠭ᠎ᠠ ᠪᠠᠭᠲᠠᠨ᠎ᠠ᠃    7 . ᠮᠠᠰᠢᠨ ᠪᠠᠭᠠᠵᠢ ᠶᠢᠨ ᠱᠠᠭᠠᠷᠳᠠᠯᠭ᠎ᠠ᠃ ᠭᠦᠨ ᠤᠷᠪᠠᠭᠤᠯᠬᠤ ᠮᠠᠰᠢᠨ ᠪᠠᠭᠠᠵᠢ ᠳᠤ ᠡᠷᠬᠡᠪᠰᠢ ᠰᠢᠩᠭᠡᠨ ᠳᠠᠷᠤᠴᠠᠲᠤ ᠤᠷᠪᠠᠭᠤᠯᠬᠤ ᠠᠨᠵᠢᠰᠤ ᠬᠡᠷᠡᠭᠯᠡᠬᠦ ᠬᠡᠷᠡᠭᠲᠡᠶ᠂ ᠬᠥᠳᠡᠯᠭᠡᠬᠦ ᠬᠦᠴᠦᠨ ᠤ ᠲᠷᠠᠺᠲ᠋ᠣᠷ ᠢ 150 ᠮᠣᠷᠢᠨ ᠬᠦᠴᠦ ︵ᠡᠷᠬᠡᠪᠰᠢ ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠰᠢᠰᠲ᠋ᠧᠮ ᠲᠣᠬᠢᠷᠠᠭᠤᠯᠬᠤ ᠬᠡᠷᠡᠭᠲᠡᠶ︶᠎ ᠳᠤ ᠬᠦᠷᠦᠭᠦᠯᠵᠦ᠂ ᠦᠷ᠎ᠡ ᠰᠠᠴᠤᠬᠤ ᠮᠠᠰᠢᠨ ᠪᠠᠭᠠᠵᠢ ᠳᠤ ᠡᠷᠬᠡᠪᠰᠢ 18 ᠮᠥᠷ ᠦᠷ᠎ᠡ ᠰᠠᠴᠤᠬᠤ ᠮᠠᠰᠢᠨ ᠢ ᠬᠡᠷᠡᠭᠯᠡᠵᠦ᠂ ᠬᠤᠷᠢᠶᠠᠬᠤ ᠮᠠᠰᠢᠨ ᠤ ᠲᠡᠵᠢᠭᠡᠬᠦ ᠬᠡᠮᠵᠢᠶ᠎ᠡ ᠨᠢ ᠰᠧᠺᠦ᠋ᠨ᠋ᠳ᠋ ᠪᠦᠷᠢ 5 kg᠃    ᠳᠥᠷᠪᠡ᠂ ᠮᠡᠳᠡᠭᠦᠯᠬᠦ ᠮᠠᠲ᠋ᠧᠷᠢᠶᠠᠯ    ᠳᠠᠭᠠᠭᠠᠨ ᠠᠪᠬᠤ ᠬᠦᠰᠡᠯ ᠡᠷᠡᠮᠡᠯᠵᠡᠯ ᠲᠠᠢ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠢ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠡᠵᠡᠩᠨᠡᠯᠲᠡ ᠶᠢᠨ ᠦᠨᠡᠮᠯᠡᠯ᠂ ᠪᠡᠯᠡᠳᠬᠡᠮᠵᠢ ᠲᠥᠬᠦᠭᠡᠷᠦᠮᠵᠢ ᠶᠢᠨ ᠨᠠᠷᠢᠨ ᠬᠠᠭᠤᠳᠠᠰᠤ᠂ ᠦᠶ᠋ᠯᠡᠴᠢᠯᠡᠭᠡᠨ ᠤ ᠠᠵᠢᠯᠯᠠᠭᠠᠨ ᠤ ᠠᠵᠢᠯᠲᠠᠨ ᠤ ᠨᠡᠷᠡᠰ᠂ ᠡᠳ᠋ ᠤᠨ ᠶᠠᠪᠤᠳᠠᠯ ᠤᠨ ᠮᠠᠲ᠋ᠧᠷᠢᠶᠠᠯ᠂ ᠲᠠᠷᠢᠶᠠᠯᠠᠩ ᠤᠨ ᠮᠠᠰᠢᠨ ᠤ ᠠᠵᠢᠯᠯᠠᠭᠴᠢ ᠶᠢᠨ ᠵᠢᠯᠣᠭᠤᠳᠬᠤ ᠦᠨᠡᠮᠯᠡᠯ᠂ ᠮᠠᠰᠢᠨ ᠪᠠᠭᠠᠵᠢ ᠶᠢᠨ ᠬᠡᠷᠡᠯ ᠵᠢᠷᠤᠭ᠂ ᠡᠯ᠎ᠡ ᠲᠥᠷᠥᠯ ᠤᠨ ᠱᠠᠩᠨᠠᠯ ᠣᠯᠤᠭᠰᠠᠨ ᠦᠨᠡᠮᠯᠡᠯ ᠵᠡᠷᠭᠡ ᠭᠡᠷᠡᠴᠢᠯᠡᠬᠦ ᠮᠠᠲ᠋ᠧᠷᠢᠶᠠᠯ ︵ᠰᠢᠷᠪᠢᠭᠰᠡᠨ ᠮᠠᠲ᠋ᠧᠷᠢᠶᠠᠯ ᠪᠤᠶᠤ ᠳᠡᠭᠡᠳᠦ ᠲᠣᠳᠣ ᠬᠡᠷᠡᠯ ᠵᠢᠷᠤᠭ︶ ᠬᠠᠩᠭᠠᠨ᠎ᠠ᠃    ᠲᠠᠪᠤ᠂ ᠬᠢᠷᠢ ᠬᠡᠮ ᠢ ᠬᠢᠨᠠᠨ ᠪᠠᠶᠢᠴᠠᠭᠠᠬᠤ᠃ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠤᠮᠤ ᠪᠠᠯᠭᠠᠰᠤᠨ ᠤ ᠬᠠᠮᠢᠶ᠎ᠠ ᠪᠥᠬᠦᠶ ᠠᠵᠢᠯᠲᠠᠳ ᠲᠠᠢ ᠬᠠᠮᠲᠤᠷᠠᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠠᠶᠢᠭ᠎ᠠ ᠭᠠᠵᠠᠷ ᠤᠨ ᠲᠤᠬᠠᠶ ᠶᠢᠨ ᠲᠠᠯᠠᠪᠠᠶ ᠳᠤ ᠬᠦᠷᠴᠦ ᠬᠢᠷᠢ ᠬᠡᠮ ᠤᠨ ᠬᠢᠨᠠᠨ ᠪᠠᠶᠢᠴᠠᠭᠠᠯᠲᠠ ᠪᠠ ᠦᠶ᠋ᠯᠡᠴᠢᠯᠡᠭᠡᠨ ᠤ ᠴᠢᠳᠠᠪᠤᠷᠢ ᠶᠢᠨ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠪᠦᠷᠢᠯᠳᠦᠭᠦᠯᠦᠭᠰᠡᠨ ᠥᠬᠡᠶ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠣᠷᠣᠯᠴᠠᠬᠤ ᠬᠢᠷᠢ ᠬᠡᠮ ᠢ ᠴᠥᠮ ᠬᠦᠴᠦᠨ ᠥᠬᠡᠶ ᠪᠣᠯᠭᠠᠨ᠎ᠠ᠃    ᠵᠢᠷᠭᠤᠭ᠎ᠠ᠂ ᠦᠷ᠎ᠡ ᠳ᠋ᠦᠩ ᠢ ᠵᠠᠷᠯᠠᠨ ᠨᠡᠶᠢᠲᠡᠯᠡᠬᠦ᠃ ᠮᠠᠭᠠᠳᠯᠠᠨ ᠲᠣᠭᠲᠠᠭᠠᠭᠰᠠᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠡᠷᠡᠰ ᠢ ᠬᠤᠰᠢᠭᠤᠨ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠳᠤ ᠵᠠᠷᠯᠠᠨ ᠨᠡᠶᠢᠲᠡᠯᠡᠵᠦ᠂ ᠤᠨᠳᠤᠤ ᠰᠠᠨᠠᠯ ᠥᠬᠡᠶ ᠪᠣᠯ ᠮᠠᠭᠠᠳᠯᠠᠨ ᠲᠣᠭᠲᠠᠭᠠᠭᠰᠠᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2025 ᠣᠨ ᠤ ᠲᠠᠷᠢᠶᠠᠯᠠᠩ ᠤᠨ ᠦᠶ᠋ᠯᠡᠳᠪᠦᠷᠢᠯᠡᠯ ᠤᠨ ᠨᠡᠶᠢᠭᠡᠮᠴᠢᠯᠡᠭᠰᠡᠨ ᠦᠶ᠋ᠯᠡᠴᠢᠯᠡᠭᠡᠨ ᠤ ᠲᠥᠷᠥᠯ ᠵᠦᠶ᠋ᠯ ᠤᠨ ᠳᠠᠭᠠᠭᠠᠨ ᠠᠪᠬᠤ ᠭᠤᠤᠯ ᠴᠣᠭᠴᠠ ᠪᠠᠷ ᠲᠣᠭᠲᠠᠭᠠᠨ᠎ᠠ᠃    ᠳᠣᠯᠤᠭ᠎ᠠ᠂ ᠨᠡᠷ᠎ᠡ ᠮᠡᠳᠡᠭᠦᠯᠬᠦ ᠴᠠᠭ᠂ ᠨᠡᠷ᠎ᠡ ᠮᠡᠳᠡᠭᠦᠯᠬᠦ ᠭᠠᠵᠠᠷ ᠵᠢᠴᠢ ᠬᠠᠷᠢᠯᠴᠠᠬᠤ ᠤᠲᠠᠰᠤ᠃    1 . ᠨᠡᠷ᠎ᠡ ᠮᠡᠳᠡᠭᠦᠯᠬᠦ ᠴᠠᠭ᠄ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 3 ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨᠠᠬᠢ 5᠄ 30 ᠪᠣᠯᠲᠠᠯ᠎ᠠ᠃ 2 . ᠨᠡᠷ᠎ᠡ ᠮᠡᠳᠡᠭᠦᠯᠬᠦ ᠭᠠᠵᠠᠷ᠄ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ︵ᠬᠤᠷᠰᠢᠭᠰᠠᠨ ᠠᠵᠤ ᠠᠬᠤᠶ ᠶᠢᠨ ᠲᠠᠰᠤᠭ ᠤᠨ ᠠᠯᠪᠠᠨ ᠬᠡᠷ︶    3 . ᠬᠠᠷᠢᠯᠴᠠᠬᠤ ᠬᠥᠮᠦᠨ᠄ ᠸᠠᠩ ᠬᠠᠨ ᠶᠠᠨ ᠬᠠᠷᠢᠯᠴᠠᠬᠤ ᠤᠲᠠᠰᠤ᠄ 15247949540    ᠨᠥᠬᠦᠴᠡᠯ ᠳᠤ ᠨᠡᠶᠢᠴᠡᠭᠰᠡᠨ ᠦᠶ᠋ᠯᠡᠴᠢᠯᠡᠭᠡᠨ ᠤ ᠵᠣᠬᠢᠶᠠᠨ ᠪᠠᠶᠢᠭᠤᠯᠤᠯᠲᠠ ᠬᠤᠷᠳᠤᠨ ᠮᠠᠨ ᠤ ᠲᠣᠪᠴᠢᠶᠠᠨ ᠳᠤ ᠢᠷᠡᠵᠦ ᠮᠡᠳᠡᠭᠦᠯᠬᠦ ᠶᠢ ᠪᠠᠶᠠᠷᠯᠠᠨ ᠤᠭᠲᠤᠵᠤ ᠪᠠᠢᠨ᠎ᠠ᠂ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠶ᠋ᠳᠪᠦᠷᠢᠯᠡᠬᠦ ᠦᠭᠡᠢ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃    2025 ᠣᠨ ᠤ 3 ᠳ᠋ᠤᠭᠠᠷ ᠰᠠᠷ᠎ᠠ ᠶᠢᠨ 20᠎ ᠤ ᠡᠳᠦᠷ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号