ᠨᠢᠭᠡ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ | ︵ᠨᠢᠭᠡ︶ ᠤᠭ ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠎ᠠ᠃ ᠨᠢᠭᠡ ᠳᠤ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠎ᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠭᠤᠤᠯᠯᠠᠭᠴᠢ ᠦᠶ᠋ᠯᠡᠳᠦᠯ ᠢ | ᠭᠦᠶ᠋ᠴᠡᠳ ᠪᠠᠳᠠᠷᠠᠭᠤᠯᠵᠤ᠂ ︽2024 ᠣᠨ ᠤ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ᠭᠤᠤᠯᠳᠠᠯᠭ᠎ᠠ︾ | ᠶᠢ ᠲᠣᠭᠲᠠᠭᠠᠨ ᠲᠠᠷᠬᠠᠭᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 69 | ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ᠂ ᠵᠢᠷᠭᠤᠳᠤᠭᠠᠷ ᠤᠳᠠᠭ᠎ᠠ ᠶᠢᠨ ᠬᠠᠤᠯᠢ ᠪᠠᠷ | ᠬᠤᠰᠢᠭᠤ ᠪᠠᠨ ᠵᠠᠰᠠᠬᠤ ᠵᠥᠪᠯᠡᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ | ᠪᠥᠬᠦ ᠬᠤᠰᠢᠭᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ | ᠪᠠᠶᠢᠳᠠᠯ ᠢ ᠰᠣᠨᠣᠰᠴᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠢ | ᠬᠦᠴᠦᠲᠡᠶ ᠡᠮᠬᠢ ᠵᠢᠷᠤᠮ ᠲᠠᠢ ᠠᠬᠢᠭᠤᠯᠪᠠ᠃ ᠬᠤᠶᠠᠷ ᠲᠤ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ᠎ᠡ᠃ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠪᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠬᠤᠷᠢᠳᠤᠭᠠᠷ ᠬᠤᠭᠤᠴᠠᠭᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ | ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠪᠠ᠂ ᠲᠤᠰᠬᠠᠶ | ᠮᠡᠷᠭᠡᠵᠢᠯᠲᠡᠨ ᠡᠷᠳᠡᠮᠲᠡᠨ ᠢ ᠤᠷᠢᠵᠤ ᠲᠤᠰᠬᠠᠶ ᠰᠡᠳᠦᠪᠲᠦ ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ ᠂ | ᠮᠡᠳᠡᠯᠭᠡ ᠶᠢᠨ ᠤᠷᠤᠯᠳᠤᠭᠠᠨ ᠡᠷᠬᠢᠯᠡᠵᠦ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ ᠂ ᠵᠢᠯ ᠤᠨ ᠳᠣᠲᠣᠷ᠎ᠠ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠢᠯᠠᠩ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠣᠭᠤᠷᠢᠨ ᠳᠤ 2 ᠤᠳᠠᠭ᠎ᠠ | ᠰᠤᠷᠤᠯᠴᠠᠯᠭ᠎ᠠ ᠥᠷᠨᠢᠭᠦᠯᠦᠨ᠎ᠡ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 30 ᠭᠠᠷᠤᠶ ᠤᠳᠠᠭ᠎ᠠ | ᠰᠤᠷᠤᠯᠴᠠᠪᠠ᠃ ᠭᠤᠷᠪᠠ ᠳᠤ ᠲᠤᠭᠠᠴᠠᠯᠲᠠ ᠬᠠᠤᠯᠢ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ︽ᠨᠠᠮ ᠵᠠᠰᠠᠭ ᠤᠨ | ᠭᠤᠤᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠬᠠᠤᠯᠢ ᠶᠢᠨ ᠲᠤᠭᠠᠴᠠᠯᠲᠠ ᠶᠢᠨ ᠠᠵᠢᠯ ᠤᠨ | ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ | ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠬᠠᠤᠯᠢ ᠶᠢᠨ | ᠲᠤᠭᠠᠴᠠᠯᠲᠠ ᠶᠢᠨ ᠬᠡᠪᠴᠢᠶᠡᠨ ᠳᠤ ᠣᠷᠣᠭᠤᠯᠵᠤ᠂ ᠲᠤᠬᠠᠶ ᠶᠢᠨ ᠲᠠᠯᠠᠪᠤᠷ ᠲᠤ ᠬᠠᠤᠯᠢ ᠶᠢᠨ ᠲᠤᠭᠠᠴᠠᠯᠲᠠ ᠬᠢᠬᠦ᠂ | ᠪᠢᠴᠢᠭ ᠤᠨ ᠮᠡᠳᠡᠭᠦᠯᠦᠯᠲᠡ ᠬᠢᠬᠦ ᠵᠡᠷᠭᠡ ᠠᠷᠭ᠎ᠠ ᠬᠡᠯᠪᠡᠷᠢ ᠪᠠᠷ 2024 ᠣᠨ ᠤ ᠬᠠᠤᠯᠢ ᠶᠢᠨ ᠲᠤᠭᠠᠴᠠᠯᠲᠠ ᠶᠢᠨ | ᠠᠵᠢᠯ ᠢ ᠢᠳᠡᠪᠬᠢᠲᠡᠶ ᠳᠥᠯᠭᠢᠨ ᠠᠬᠢᠭᠤᠯᠤᠨ᠎ᠠ᠃ ᠣᠳᠣᠬᠠᠨ ᠪᠣᠯᠲᠠᠯ᠎ᠠ᠂ 5 ᠰᠤᠮᠤ ᠪᠠᠯᠭᠠᠰᠤ᠂ ᠡᠯ᠎ᠡ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠴᠥᠮ ᠳᠡᠭᠡᠷ᠎ᠡ ᠵᠢᠯ ᠤᠨ | ᠳᠡᠭᠡᠷ᠎ᠡ ᠳᠤᠷᠠᠳᠤᠭᠰᠠᠨ ᠬᠠᠤᠯᠢ ᠶᠢᠨ ᠠᠵᠢᠯ ᠢ ᠪᠡᠶᠡᠯᠡᠭᠦᠯᠵᠦ᠂ ᠡᠭᠦᠨ ᠳᠤ ᠬᠡᠰᠡᠭ ᠭᠠᠵᠠᠷ ᠣᠷᠣᠨ ᠪᠠ ᠨᠢᠭᠡᠴᠢ ᠶᠢᠨ | ᠭᠤᠤᠯ ᠬᠠᠷᠢᠭᠤᠴᠠᠯᠭᠠᠲᠠᠨ ᠨᠥᠬᠦᠳ ᠬᠠᠤᠯᠢ ᠪᠠᠷ ᠬᠤᠰᠢᠭᠤ ᠪᠠᠨ ᠵᠠᠰᠠᠬᠤ ᠵᠥᠪᠯᠡᠯ ᠤᠨ ᠵᠢᠷᠭᠤᠳᠤᠭᠠᠷ ᠤᠳᠠᠭᠠᠨ ᠤ | ᠬᠤᠷᠠᠯ ᠳᠤ ᠪᠢᠴᠢᠭ ᠤᠨ ᠬᠡᠯᠪᠡᠷᠢ ᠪᠠᠷ ᠬᠦᠦᠷᠨᠢᠬᠦ ᠠᠷᠭ᠎ᠠ ᠭᠠᠷᠭᠠᠵᠠᠶ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠬᠠᠮᠠᠭᠠᠯᠠᠨ᠎ᠠ᠃ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠭᠤᠷᠪᠠᠵᠢᠭᠤᠯᠬᠤ︾ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠨᠡ ᠵᠢᠯ ᠠᠴᠠ ᠨᠠᠰᠢ᠂ | ᠬᠤᠰᠢᠭᠤᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ᠳᠤ 34 ᠰᠠᠯᠠᠭ᠎ᠠ ᠮᠥᠴᠢᠷ | ᠨᠢᠭᠡᠴᠡ ᠳᠤ ᠣᠷᠣᠵᠤ ᠰᠠᠭᠤᠨ᠂ 1600 ᠭᠠᠷᠤᠶ ᠵᠦᠶ᠋ᠯᠡᠰ ᠪᠠ 80 ᠭᠠᠷᠤᠶ ᠠᠵᠢᠯᠲᠠᠨ ᠣᠷᠣᠵᠤ ᠰᠠᠭᠤᠵᠠᠶ᠃ | ᠴᠣᠩᠬᠤᠪᠴᠢ ᠬᠥᠮᠦᠰ ᠤᠨ ᠶᠣᠰᠣᠯᠠᠯ ᠤᠨ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | 15 ᠬᠤᠭᠤᠴᠠᠭ᠎ᠠ᠂ ᠲᠤᠬᠠᠶᠢᠯᠠᠭᠰᠠᠨ ᠠᠵᠢᠯ ᠤᠨ ᠰᠢᠯᠭᠠᠨ ᠬᠢᠨᠠᠬᠤ ᠶᠢ 9 ᠤᠳᠠᠭ᠎ᠠ ᠥᠷᠨᠢᠭᠦᠯᠵᠦ᠂ 9000 | ᠭᠠᠷᠤᠶ ᠠᠵᠢᠯ ᠶᠠᠪᠤᠳᠠᠯ ᠭᠦᠶ᠋ᠴᠡᠳᠬᠡᠬᠦ ᠭᠤᠤᠯ ᠴᠣᠭᠴᠠ ᠳᠤ ᠰᠠᠶᠢᠨ ᠳᠤᠷ᠎ᠠ ᠶᠢᠨ ᠦᠶ᠋ᠯᠡᠴᠢᠯᠡᠭᠡ᠂ ᠬᠠᠪᠰᠤᠷᠤᠨ | ᠭᠦᠶ᠋ᠴᠡᠳᠬᠡᠬᠦ ᠵᠡᠷᠭᠡ ᠦᠶ᠋ᠯᠡᠴᠢᠯᠡᠭᠡ ᠬᠠᠩᠭᠠᠪᠠ᠃ ᠪᠦᠬᠦ ᠬᠤᠰᠢᠭᠤᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠡᠷᠬᠢᠯᠡᠬᠦ᠂ | ᠬᠤᠪᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ 1313 ᠬᠤᠪᠢ ᠭᠦᠢᠴᠡᠳᠬᠡᠪᠡ᠃ ︽ᠴᠠᠭ ᠢ ᠤᠷᠲᠤᠳᠬᠠᠭᠰᠠᠨ | ᠦᠶ᠋ᠯᠡᠴᠢᠯᠡᠭᠡ︾ ᠶᠢ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠢ ᠨᠡᠶᠢᠲᠡ 427 ᠬᠤᠪᠢ ᠭᠥᠯᠢᠶᠡᠨ ᠠᠪᠴᠤ | ᠰᠢᠶ᠋ᠳᠪᠦᠷᠢᠯᠡᠪᠡ᠃ ︽ᠪᠢ ᠣᠯᠠᠨ ᠲᠦᠮᠡᠨ ᠳᠤ ᠪᠠᠷ᠎ᠠ ᠪᠣᠯᠬᠤ ᠴᠤᠪᠤᠷᠠᠯ︾ ᠤᠨ ᠠᠵᠢᠯᠯᠠᠭ᠎ᠠ ᠶᠢ 12 ᠤᠳᠠᠭ᠎ᠠ | ᠥᠷᠨᠢᠭᠦᠯᠵᠦ᠂ 8 ᠠᠰᠠᠭᠤᠳᠠᠯ ᠢ ᠢᠯᠡᠷᠡᠭᠦᠯᠦᠭᠰᠡᠨ ᠪᠥᠭᠡᠳ ᠰᠢᠶ᠋ᠳᠪᠦᠷᠢᠯᠡᠪᠡ᠃ ᠬᠤᠶᠠᠷ ᠲᠤ ︽ᠳᠥᠷᠪᠡᠨ ᠠᠯᠪᠠᠨ | ᠬᠡᠷ︾ ᠤᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠪᠠ᠃ ᠡᠨᠡ ᠵᠢᠯ ᠠᠴᠠ ᠨᠠᠰᠢ᠂ | ᠬᠤᠰᠢᠭᠤᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠲᠤ ᠶᠡᠷᠦᠩᠬᠡᠶᠢᠯᠡᠭᠰᠡᠨ ᠦᠶ᠋ᠯᠡᠴᠢᠯᠡᠭᠡᠨ ᠤ | ᠲᠤᠰᠬᠠᠶ ᠲᠣᠭᠤᠷᠢᠭ 1᠂ ᠠᠵᠤ ᠠᠬᠤᠶᠢᠯᠠᠯ ᠤᠨ ᠦᠶ᠋ᠯᠡᠴᠢᠯᠡᠭᠡᠨ ᠤ ᠲᠤᠰᠬᠠᠶ ᠲᠣᠭᠤᠷᠢᠭ 1᠂ ᠬᠦᠷᠢᠶ᠎ᠡ ᠴᠠᠷᠠᠭ᠎ᠠ | ᠬᠤᠪᠢᠶᠠᠨ ᠦᠶ᠋ᠯᠡᠴᠢᠯᠡᠬᠦ ᠲᠣᠭᠤᠷᠢᠭ 5 ᠭᠠᠷᠭᠠᠵᠤ᠂ ᠨᠡᠶᠢᠲᠡ 46613 ᠬᠤᠪᠢ ᠭᠦᠶ᠋ᠴᠡᠳᠬᠡᠬᠦ ᠬᠡᠷᠡᠭ ᠭᠠᠷᠴᠠᠶ᠃ | ᠶᠡᠷᠦᠩᠬᠡᠶᠢᠯᠡᠭᠰᠡᠨ ᠴᠣᠩᠬᠤᠪᠴᠢ ᠶᠢᠨ ᠰᠢᠰᠲ᠋ᠧᠮ ᠤᠨ ᠭᠥᠯᠢᠶᠡᠨ ᠠᠪᠴᠤ ᠰᠢᠶ᠋ᠳᠪᠦᠷᠢᠯᠡᠭᠰᠡᠨ ᠬᠡᠷᠡᠭ ᠤᠨ | ᠰᠦᠯᠵᠢᠶ᠎ᠡ ᠪᠠᠷ ᠭᠦᠶ᠋ᠴᠡᠳᠬᠡᠭᠰᠡᠨ ᠪᠣᠳᠠᠲᠠᠶ ᠨᠣᠷᠮ᠎ᠠ 74 . 09 % ᠳᠤ ᠬᠦᠷᠴᠦ᠂ 663 ᠬᠤᠪᠢ ᠮᠠᠲ᠋ᠧᠷᠢᠶᠠᠯ ᠢ | ᠲᠤᠰᠢᠶᠠᠬᠤ ᠠᠴᠠ ᠬᠡᠯᠲᠦᠷᠢᠭᠦᠯᠪᠡ᠃ ᠬᠤᠰᠢᠭᠤᠨ ᠲᠣᠰ ᠱᠠᠲᠤᠨ ᠤ 78 ︽ᠪᠥᠬᠦ ᠣᠷᠣᠨ ᠤ ᠨᠡᠶᠢᠳᠡᠮ | ᠭᠦᠶ᠋ᠴᠡᠳᠬᠡᠬᠦ︾ ᠵᠦᠶ᠋ᠯᠡᠰ ᠢ ᠲᠠᠨᠢᠵᠤ ᠠᠪᠬᠤ ᠪᠠ 14 ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠠᠩᠰᠠᠨ | ᠨᠣᠮᠧᠷ ᠲᠣᠬᠢᠷᠠᠭᠤᠯᠬᠤ ᠠᠵᠢᠯ ᠢ ᠪᠡᠶᠡᠯᠡᠭᠦᠯᠦᠨ᠎ᠡ᠃ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠢᠳᠡᠪᠬᠢᠲᠡᠶ | ᠬᠡᠷᠡᠭᠵᠢᠭᠦᠯᠵᠦ᠂ ᠪᠥᠬᠦ ᠵᠢᠯ ᠤᠨ ᠰᠠᠶᠢᠨ ᠦᠨᠡᠯᠡᠯᠲᠡ ᠶᠢᠨ ᠨᠣᠷᠮ᠎ᠠ ᠶᠢ 100 % ᠳᠤ ᠬᠦᠷᠭᠡᠨ᠎ᠡ᠃ ᠡᠯᠧᠺᠲᠷᠣᠨ | ᠭᠡᠷᠡᠴᠢ ᠦᠨᠡᠮᠯᠡᠯ ᠢ 92556 ᠴᠤᠭᠯᠠᠭᠤᠯᠵᠤ᠂ ᠲᠠᠮᠠᠭ᠎ᠠ ᠳᠠᠷᠤᠭᠰᠠᠨ ᠨᠣᠷᠮ᠎ᠠ ᠨᠢ 100 % ᠪᠣᠯᠤᠨ᠎ᠠ᠃ ᠨᠢᠭᠡ | ᠴᠣᠭᠴᠠᠵᠢᠭᠤᠯᠤᠭᠰᠠᠨ ᠲᠠᠪᠴᠠᠩ ᠳᠤ ᠨᠡᠶᠢᠲᠡ 7490 ᠵᠦᠶ᠋ᠯ ᠢ ᠰᠤᠭᠤᠴᠢᠨ ᠪᠠᠶᠢᠴᠠᠭᠠᠵᠤ᠂ 845 ᠵᠦᠶ᠋ᠯ ᠤᠨ | ᠭᠦᠶ᠋ᠴᠡᠳᠬᠡᠬᠦ ᠵᠦᠭᠯᠡᠭᠦᠷ ᠢ ᠴᠡᠭᠴᠡᠯᠡᠨ ᠰᠠᠶᠢᠵᠢᠷᠠᠭᠤᠯᠵᠤ ᠰᠢᠯᠢᠳᠡᠭᠵᠢᠭᠦᠯᠪᠡ᠃ ᠪᠥᠬᠦ ᠬᠤᠰᠢᠭᠤᠨ ᠤ ᠠᠷᠠᠯᠵᠢᠶᠠᠴᠢᠨ | ᠤᠷᠢᠵᠤ ᠪᠠᠯᠠ ᠲᠠᠲᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ | ᠶᠡᠷᠦᠩᠬᠡᠶᠢᠯᠡᠭᠰᠡᠨ ᠬᠠᠪᠰᠤᠷᠤᠨ ᠭᠦᠶ᠋ᠴᠡᠳᠬᠡᠬᠦ ᠪᠠ ᠣᠷᠣᠯᠠᠨ ᠭᠦᠶ᠋ᠴᠡᠳᠬᠡᠬᠦ ᠴᠣᠩᠬᠤᠪᠴᠢ 1 ᠶᠢ ᠪᠠᠶᠢᠭᠤᠯᠵᠤ᠂ 34 | ᠭᠤᠤᠯᠳᠠᠯᠭ᠎ᠠ ᠲᠠᠢ ᠲᠥᠷᠥᠯ ᠵᠦᠶ᠋ᠯ ᠳᠤ ᠬᠠᠪᠰᠤᠷᠤᠨ ᠭᠦᠶ᠋ᠴᠡᠳᠬᠡᠵᠦ ᠣᠷᠣᠯᠠᠨ ᠭᠦᠶ᠋ᠴᠡᠳᠬᠡᠬᠦ ᠦᠶ᠋ᠯᠡᠴᠢᠯᠡᠭᠡ | ᠥᠷᠨᠢᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠱᠠᠲᠤᠨ ᠳᠤ ᠨᠡᠶᠢᠲᠡ 4482 ᠬᠤᠪᠢ ᠣᠷᠣᠯᠠᠨ | ᠭᠦᠶ᠋ᠴᠡᠳᠬᠡᠵᠦ ᠬᠠᠪᠰᠤᠷᠤᠨ ᠭᠦᠶ᠋ᠴᠡᠳᠬᠡᠪᠡ᠃ ᠭᠤᠷᠪᠠ ᠳᠤ ᠲᠥᠪ ᠭᠤᠣᠯᠴᠢ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠪᠦᠲᠦᠮᠵᠢᠲᠡᠢ ᠬᠠᠮᠠᠭᠠᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠤᠤᠰ ᠲᠠᠰᠢᠷᠠᠮ ᠳᠠᠭᠠᠤ ᠶᠢᠨ ᠬᠠᠮᠲᠤᠷᠠᠭᠰᠠᠨ ᠬᠤᠷᠠᠯ ᠢ 1 | ᠤᠳᠠᠭ᠎ᠠ ᠬᠤᠷᠠᠯᠳᠤᠭᠤᠯᠤᠨ᠂ 25 ᠬᠢᠨᠠᠯᠲᠠ ᠬᠠᠮᠢᠶᠠᠷᠤᠯᠲᠠ ᠶᠢᠨ ᠵᠦᠶ᠋ᠯᠡᠰ ᠢ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠰᠤᠭᠤᠴᠢᠨ ᠪᠠᠶᠢᠴᠠᠭᠠᠬᠤ ᠵᠦᠶ᠋ᠯᠡᠰ ᠲᠤ ᠣᠷᠣᠭᠤᠯᠵᠤ᠂ ︽ᠬᠤᠶᠠᠷ ᠢ ᠲᠠᠰᠢᠷᠠᠮ ᠳᠠᠭᠠᠤ᠂ ᠨᠢᠭᠡ ᠶᠢ | ᠢᠯᠡ ᠪᠣᠯᠭᠠᠬᠤ︾ ᠬᠠᠮᠲᠤᠷᠠᠭᠰᠠᠨ ᠰᠠᠯᠠᠭ᠎ᠠ ᠮᠥᠴᠢᠷ ᠤᠨ ᠪᠦᠷᠬᠦᠴᠡ ᠶᠢᠨ ᠨᠣᠷᠮ᠎ᠠ ᠶᠢ 100 % ᠳᠤ | ᠬᠦᠷᠦᠭᠦᠯᠵᠦ᠂ ︽ᠨᠢᠭᠡ ᠤᠳᠠᠭ᠎ᠠ ᠡᠭᠦᠳᠡ ᠪᠠᠷ ᠣᠷᠣᠭᠤᠯᠬᠤ᠂ ᠣᠯᠠᠨ ᠵᠦᠶ᠋ᠯ ᠢ ᠪᠠᠶᠢᠴᠠᠭᠠᠬᠤ︾ ᠶᠢ ᠪᠡᠶᠡᠯᠡᠭᠦᠯᠦᠨ᠎ᠡ | ᠃ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠢᠷᠤᠮᠵᠢᠯ︾ ᠢ ᠲᠣᠭᠲᠠᠭᠠᠨ ᠨᠡᠶᠢᠲᠡᠯᠡᠵᠦ᠂ ᠰᠠᠯᠠᠭ᠎ᠠ ᠮᠥᠴᠢᠷ ᠤᠨ | ᠬᠠᠮᠲᠤᠷᠠᠨ ᠰᠤᠭᠤᠴᠢᠨ ᠪᠠᠶᠢᠴᠠᠭᠠᠬᠤ ᠳᠤ ᠲᠠᠰ ᠲᠠᠷᠠᠭᠠᠵᠢᠭᠰᠠᠨ᠂ ᠵᠢᠷᠤᠮᠵᠢᠭᠰᠠᠨ ᠠᠵᠢᠯᠯᠠᠭᠠᠨ ᠤ ᠴᠤᠪᠤᠷᠠᠯ | ᠬᠠᠩᠭᠠᠵᠤ᠂ ᠵᠢᠷᠤᠮᠯᠠᠬᠤ ᠠᠴᠠ ᠲᠦᠷᠢᠮ ᠲᠠᠢ᠂ ᠵᠢᠷᠤᠮᠯᠠᠬᠤ ᠠᠴᠠ ᠲᠦᠷᠢᠮ ᠲᠠᠢ ᠪᠣᠯᠭᠠᠪᠠ᠃ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ᠲᠠᠯ᠎ᠠ ᠳᠤ | ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠴᠡᠪᠡᠷᠯᠡᠨ ᠠᠷᠢᠯᠭᠠᠵᠤ᠂ ᠲᠦᠷᠢᠮ ᠤᠨ | ᠲᠠᠯ᠎ᠠ ᠠᠴᠠ ᠣᠷᠣᠨ ᠨᠤᠲᠤᠭ ᠤᠨ ᠬᠠᠮᠠᠭᠠᠯᠠᠯᠲᠠ ᠪᠠ ᠵᠠᠰᠠᠭ ᠵᠠᠬᠢᠷᠭᠠᠨ ᠤ ᠴᠢᠨᠠᠷᠲᠠᠶ ᠭᠠᠭᠴᠠᠭᠠᠷ ᠡᠵᠡᠮᠰᠢᠯ ᠵᠡᠷᠭᠡ | ᠮᠠᠭᠤ ᠦᠵᠡᠭᠳᠡᠯ ᠭᠠᠷᠬᠤ ᠶᠢ ᠠᠷᠢᠯᠭᠠᠵᠤ᠂ ᠵᠢᠯ ᠤᠨ ᠳᠣᠲᠣᠷ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠢ 9 ᠤᠳᠠᠭ᠎ᠠ ᠴᠡᠪᠡᠷᠯᠡᠨ ᠠᠷᠢᠯᠭᠠᠵᠤ᠂ ᠲᠣᠭᠲᠠᠭᠠᠯ ᠠᠴᠠ ᠵᠥᠷᠢᠴᠡᠭᠰᠡᠨ ᠪᠢᠴᠢᠭ ᠮᠠᠲ᠋ᠧᠷᠢᠶᠠᠯ ᠢ | ᠢᠯᠡᠷᠡᠭᠦᠯᠦᠭᠰᠡᠨ ᠥᠬᠡᠶ᠃ ︽ᠪᠠᠶᠢᠴᠠᠭᠠᠬᠤ ᠠᠵᠤ ᠠᠬᠤᠢᠯᠠᠯ ᠢ ᠬᠠᠮᠠᠭᠠᠯᠠᠬᠤ︾ ᠲᠤᠰᠬᠠᠢ ᠲᠥᠷᠥᠯ ᠤᠨ | ᠠᠵᠢᠯᠯᠠᠭᠠᠨ ᠢ 7 ᠤᠳᠠᠭ᠎ᠠ ᠪᠠᠶᠢᠴᠠᠭᠠᠨ ᠰᠤᠳᠤᠯᠵᠤ᠂ 20 ᠭᠠᠷᠤᠢ ᠵᠤᠷᠪᠤᠰ ᠰᠠᠨᠠᠯ ᠰᠠᠨᠠᠭᠤᠯᠭ᠎ᠠ ᠶᠢ ᠡᠮᠬᠢᠳᠬᠡᠨ᠂ | ᠠᠵᠤ ᠠᠬᠤᠢᠯᠠᠯ ᠤᠨ ᠬᠦᠴᠢᠷᠳᠡᠯ ᠢ ᠪᠦᠲᠦᠮᠵᠢᠲᠡᠢ ᠰᠢᠢᠳᠪᠦᠷᠢᠯᠡᠪᠡ᠃ ᠠᠵᠤ ᠠᠬᠤᠶᠢᠯᠠᠯ ᠤᠨ ᠥᠮᠴᠢᠯᠡᠬᠦ ᠡᠷᠬᠡ ᠪᠠ | ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠮᠥᠩᠭᠦᠨ | ᠭᠦᠶ᠋ᠯᠭᠡᠭᠡᠨ ᠤ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠶ᠋ᠳᠪᠦᠷᠢᠯᠡᠬᠦ ᠶᠠᠷᠢᠯᠴᠠᠬᠤ ᠬᠤᠷᠠᠯ᠂ ᠮᠥᠩᠭᠦᠨ | ᠭᠦᠶ᠋ᠯᠭᠡᠭᠡᠨ ᠳᠤ ᠬᠤᠯᠪᠣᠭᠳᠠᠭᠰᠠᠨ ᠬᠡᠷᠡᠭ ᠤᠨ ᠶᠠᠷᠢᠯᠴᠠᠬᠤ ᠬᠤᠷᠠᠯ ᠢ 3 ᠤᠳᠠᠭ᠎ᠠ ᠬᠤᠷᠠᠯᠳᠤᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠮᠥᠩᠭᠦᠨ ᠭᠦᠶ᠋ᠯᠭᠡᠭᠡᠨ ᠤ ᠬᠡᠷᠡᠭ ᠢ ᠬᠠᠮᠲᠤᠪᠠᠷ ᠵᠥᠪᠳᠡᠯᠴᠡᠨ ᠬᠠᠮᠲᠤᠪᠠᠷ ᠵᠠᠰᠠᠵᠤ | ᠰᠢᠶ᠋ᠳᠪᠦᠷᠢᠯᠡᠨ᠎ᠡ᠃ ᠳᠥᠷᠪᠡ ᠳᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ | ᠤᠷᠢᠲᠠᠯ ᠨᠥᠬᠦᠴᠡᠯ ᠪᠣᠯᠭᠠᠨ᠎ᠠ᠂ ᠳᠠᠩᠰᠠᠯᠠᠵᠤ ᠬᠢᠨᠠᠨ ᠪᠠᠶᠢᠴᠠᠭᠠᠬᠤ ᠴᠢᠬᠤᠯᠠ ᠠᠭᠤᠯᠭ᠎ᠠ᠂ ᠦᠨᠡᠯᠡᠨ ᠵᠢᠱᠢᠵᠦ | ᠨᠤᠲᠠᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠂ ᠢᠯᠡ ᠪᠠᠷ ᠰᠠᠨᠠᠯ ᠬᠤᠷᠢᠶᠠᠬᠤ᠂ ᠬᠠᠤᠯᠢ ᠶᠣᠰᠣᠨ ᠤ ᠴᠢᠨᠠᠷ ᠤᠨ | ᠬᠢᠨᠠᠨ ᠬᠠᠷᠭᠤᠭᠤᠯᠤᠯᠲᠠ᠂ ᠬᠠᠮᠲᠤ ᠪᠠᠷ ᠬᠢᠨᠠᠨ ᠶᠠᠷᠢᠯᠴᠠᠵᠤ ᠲᠣᠭᠲᠠᠭᠠᠬᠤ ᠵᠡᠷᠭᠡ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠵᠢᠷᠤᠮ᠂ ᠡᠵᠡᠩᠨᠡᠭᠴᠢ ᠶᠢᠨ ᠠᠵᠤ ᠠᠬᠤᠶ ᠶᠢᠨ ᠠᠵᠢᠯᠯᠠᠭ᠎ᠠ ᠳᠤ | ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠭᠤᠤᠯᠴᠢ ᠥᠷᠢᠰᠥᠯᠳᠦᠭᠡᠨ ᠤ ᠬᠢᠨᠠᠨ | ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠬᠦ ᠬᠡᠷᠡᠭᠲᠡᠶ᠂ ᠡᠨᠡ ᠵᠢᠯ ᠠᠴᠠ ᠨᠠᠰᠢ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡ 7 ᠬᠤᠪᠢ ᠬᠢᠨᠠᠨ ᠬᠠᠷᠭᠤᠭᠤᠯᠪᠠ᠂ 8 ᠲᠥᠷᠥᠯ ᠵᠦᠢᠯ᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢᠶᠠᠷ ᠳᠡᠮᠵᠢᠨ 3 | ᠬᠤᠪᠢ ᠳᠠᠩᠰᠠᠯᠠᠭᠤᠯᠪᠠ᠂ 1 ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢ ᠳᠠᠩᠰᠠᠯᠠᠭᠤᠯᠪᠠ᠂ ᠡᠷᠬᠡ ᠲᠡᠭᠰᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ ᠢ ᠵᠥᠷᠢᠴᠡᠭᠰᠡᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | ᠢᠯᠡᠷᠡᠭᠦᠯᠦᠭᠰᠡᠨ ᠦᠭᠡᠢ᠃ ᠲᠠᠪᠤ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ | ᠬᠡᠷᠡᠭᠵᠢᠭᠦᠯᠦᠨ᠎ᠡ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠦᠨᠡᠨᠴᠢ ᠢᠲᠡᠭᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠪᠣᠳᠠᠲᠠᠶ ᠲᠠᠢ ᠪᠠᠨ | ᠤᠶᠠᠯᠳᠤᠭᠤᠯᠤᠨ 58 ᠵᠦᠶ᠋ᠯ ᠤᠨ ᠭᠤᠤᠯᠳᠠᠯᠭ᠎ᠠ ᠲᠠᠢ ᠡᠭᠦᠷᠭᠡ ᠶᠢ ᠭᠥᠯᠢᠶᠡᠨ ᠠᠪᠴᠤ᠂ ᠣᠲᠣ ᠨᠢᠭᠡᠨᠲᠡ ᠪᠦᠬᠦᠨ ᠢ | ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭ᠎ᠠ ᠳᠤ᠂ ᠵᠠᠰᠠᠭ ᠤᠨ | ᠣᠷᠳᠣᠨ ᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠶᠢ ᠲᠤᠰᠬᠠᠶᠢᠯᠠᠨ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠥᠬᠦᠶ ᠠᠰᠠᠭᠤᠳᠠᠯ ᠢ ᠢᠯᠡᠷᠡᠭᠦᠯᠦᠭᠰᠡᠨ ᠥᠬᠡᠶ᠃ ᠵᠠᠰᠠᠭ ᠤᠨ | ᠣᠷᠳᠣᠨ ᠳᠤ ᠬᠤᠯᠪᠣᠭᠳᠠᠭᠰᠠᠨ 7 ᠬᠡᠷᠡᠭ ᠢ ᠴᠥᠮ ᠬᠦᠴᠦᠨ ᠦᠭᠡᠶ ᠪᠣᠯᠭᠠᠪᠠ᠃ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭ᠎ᠠ ᠳᠤ᠂ ᠢᠲᠡᠭᠡᠮᠵᠢ ᠶᠢᠨ ᠪᠠᠯᠠ ᠲᠣᠬᠢᠷᠠᠭᠤᠯᠭ᠎ᠠ ᠪᠠᠷ ᠦᠨᠡᠨᠴᠢ | ᠢᠲᠡᠭᠡᠮᠵᠢᠲᠡᠶ ᠡᠵᠡᠩᠨᠡᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠵᠤ᠂ ︽ᠥᠪᠥᠷ ᠮᠣᠩᠭᠤᠯ ᠤᠨ ᠠᠵᠤ | ᠠᠬᠤᠶᠢᠯᠠᠯ ᠳᠤ ᠨᠡᠪᠲᠡᠷᠡᠬᠦ︾ ᠲᠠᠪᠴᠠᠩ ᠳᠤ ᠨᠡᠶᠢᠲᠡ 1255 ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠳᠡᠩᠰᠡᠯᠡᠵᠦ᠂ 4 ᠵᠤᠷᠪᠤᠰ ᠰᠠᠨᠠᠯ ᠭᠤᠮᠣᠳᠠᠯ ᠲᠤᠭᠠᠴᠠᠯᠲᠠ ᠶᠢ ᠭᠥᠯᠢᠶᠡᠨ ᠠᠪᠴᠤ᠂ ᠭᠦᠶ᠋ᠴᠡᠳᠬᠡᠵᠦ ᠳᠠᠭᠤᠰᠬᠠᠭᠰᠠᠨ | ᠨᠣᠷᠮ᠎ᠠ ᠵᠢᠴᠢ ᠬᠠᠨᠤᠮᠵᠢᠲᠠᠶ ᠨᠣᠷᠮ᠎ᠠ ᠨᠢ 100 % ᠳᠤ ᠬᠥᠷᠪᠡ᠃ ︽ᠢᠲᠡᠭᠡᠮᠵᠢᠲᠦ ᠲᠥᠬᠦᠮ ᠵᠢᠭᠡᠯᠡᠯᠭᠡ︾ ᠶᠢᠨ | ᠲᠠᠪᠴᠠᠩ ᠳᠤ ᠨᠡᠶᠢᠲᠡ 981 ᠳᠠᠩᠰᠠᠯᠠᠭᠤᠯᠤᠭᠰᠠᠨ ᠠᠵᠤ ᠠᠬᠤᠶᠢᠯᠠᠯ ᠪᠠᠶᠢᠵᠤ᠂ ᠢᠲᠡᠭᠡᠮᠵᠢ ᠣᠯᠭᠤᠭᠰᠠᠨ | ᠵᠣᠭᠤᠰ ᠤᠨ ᠲᠤᠭ᠎ᠠ ᠨᠢ ᠨᠡᠶᠢᠲᠡ 1 . 178 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠠᠶᠢᠮᠠᠭ ᠤᠨ | ᠳᠥᠷᠪᠡᠳᠦᠭᠡᠷ ᠲᠤ ᠣᠷᠣᠪᠠ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠬᠦᠷᠢᠶ᠎ᠡ ᠴᠠᠷᠠᠭ᠎ᠠ ᠳᠤ᠂ ᠦᠨᠡᠨᠴᠢ | ᠢᠲᠡᠭᠡᠮᠵᠢᠲᠡᠶ ᠪᠠᠶᠢᠬᠤ ᠶᠢ ᠰᠢᠨ᠎ᠡ ᠴᠠᠭ ᠦᠶ᠎ᠡ ᠶᠢᠨ ᠪᠣᠯᠪᠠᠰᠤᠨ ᠦᠶ᠋ᠯᠡᠳᠦᠯᠭᠡ ᠶᠢᠨ ᠬᠥᠳᠡᠭᠡ ᠲᠣᠰᠬᠤᠨ ᠤ | ᠵᠠᠰᠠᠯᠲᠠ ᠶᠢᠨ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢᠨ ᠨᠠᠷᠢᠨ ᠲᠦᠷᠢᠮ ᠳᠤ ᠣᠷᠣᠭᠤᠯᠵᠤ᠂ | ᠥᠷᠭᠡᠨ ᠣᠯᠠᠨ ᠲᠦᠮᠡᠨ ᠤ ᠢᠲᠡᠭᠡᠯ ᠲᠠᠢ ᠪᠠᠶᠢᠬᠤ ᠶᠢ ᠬᠥᠲᠥᠯᠥᠨ ᠵᠢᠯᠣᠭᠤᠳᠴᠤ᠂ ᠣᠳᠣᠬᠠᠨ ᠪᠣᠯᠲᠠᠯ᠎ᠠ᠂ ᠮᠠᠨ ᠤ | ᠬᠤᠰᠢᠭᠤ 65 ᠪᠣᠯᠪᠠᠰᠤᠨ ᠪᠦᠯᠬᠦᠮᠳᠡᠯ ᠤᠨ ᠬᠡᠲᠦ ᠳᠡᠯᠭᠡᠭᠦᠷ ᠪᠠᠶᠢᠭᠤᠯᠵᠤ᠂ 2400 ᠭᠠᠷᠤᠶ ᠬᠥᠮᠦᠨ ᠤᠳᠠᠭ᠎ᠠ | ᠬᠤᠪᠢ ᠬᠤᠷᠠᠮᠳᠤᠭᠤᠯᠵᠤ ᠪᠡᠶ᠎ᠡ ᠪᠠᠨ ᠳᠠᠭᠠᠭᠠᠵᠤ ᠰᠣᠯᠢᠪᠠ᠃ ᠬᠠᠤᠯᠢ ᠴᠠᠭᠠᠵᠠ ᠶᠢᠨ ᠣᠯᠠᠨ ᠨᠡᠢᠲᠡ ᠶᠢᠨ | ᠢᠲᠡᠭᠡᠮᠵᠢ ᠶᠢᠨ ᠬᠦᠷᠢᠶᠡᠨ ᠳᠤ᠂ ᠪᠦᠬᠦ ᠠᠶᠢᠮᠠᠭ ᠤᠨ ᠠᠩᠬᠠᠳᠠᠭᠴᠢ ︽ᠳᠣᠲᠣᠭᠠᠳᠤ ᠶᠢ ᠬᠠᠮᠠᠭᠠᠯᠠᠬᠤ + ᠰᠢᠭᠦᠬᠦ | ᠬᠤᠷᠢᠶ᠎ᠠ︾ ᠶᠢᠨ ᠭᠦᠢᠴᠡᠳᠬᠡᠬᠦ ᠬᠤᠯᠪᠣᠭᠠᠯᠠᠨ ᠠᠵᠢᠯᠯᠠᠬᠤ ᠲᠠᠰᠤᠭ ᠢ ᠪᠠᠶᠢᠭᠤᠯᠵᠤ᠂ ᠬᠠᠤᠯᠢ ᠴᠠᠭᠠᠵᠠ ᠶᠢᠨ | ᠬᠠᠮᠲᠤᠷᠠᠯ ᠬᠦᠴᠦᠨ ᠢ ᠨᠢᠭᠲᠠᠷᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠳᠤ ᠬᠦᠴᠢᠷ᠂ ᠬᠥᠮᠦᠨ ᠡᠷᠢᠬᠦ ᠳᠤ | ᠬᠦᠴᠢᠷ᠂ ᠬᠤᠯᠪᠣᠭᠠᠯᠠᠨ ᠡᠵᠡᠮᠳᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ | ︵ᠭᠤᠷᠪᠠ︶ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ | ᠬᠠᠤᠯᠢ ᠪᠠᠷ ᠬᠤᠰᠢᠭᠤ ᠪᠠᠨ ᠵᠠᠰᠠᠬᠤ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠦᠨ᠎ᠡ᠃ ᠨᠢᠭᠡ ᠳᠤ ᠬᠠᠤᠯᠢ | ᠲᠦᠭᠡᠮᠡᠯᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ | ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠶᠢ ᠰᠢᠪᠠᠳᠠᠨ ᠵᠢᠯᠣᠭᠤᠳᠴᠤ᠂ ᠡᠨᠡ ᠵᠢᠯ ᠠᠴᠠ ᠨᠠᠭᠠᠰᠢ ᠡᠯ᠎ᠡ ᠰᠠᠯᠠᠭ᠎ᠠ | ᠮᠥᠴᠢᠷ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ 7 ᠬᠤᠪᠢ ᠰᠠᠨᠠᠭᠤᠯᠤᠮᠵᠢ ᠶᠢᠨ | ᠵᠠᠬᠢᠳᠠᠯ ᠶᠠᠪᠤᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ 28 ᠬᠤᠯᠪᠣᠭᠠᠴᠢᠨ ᠢ | ᠲᠣᠳᠣᠷᠬᠠᠢ ᠪᠣᠯᠭᠠᠵᠤ᠂ 425 ᠬᠠᠤᠯᠢ ᠴᠠᠭᠠᠵᠠ ᠶᠢᠨ ᠲᠣᠳᠣᠷᠬᠠᠢ ᠬᠥᠮᠦᠨ ᠢ ᠬᠥᠮᠦᠵᠢᠭᠦᠯᠪᠡ᠃ ᠬᠤᠶᠠᠷ ᠲᠤ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠢᠵᠢᠯ ᠠᠯᠬᠤᠮ ᠢᠶᠠᠷ ᠬᠦᠴᠦᠯᠡᠬᠦ ᠶᠢ ᠪᠠᠷᠢᠮᠲᠠᠯᠠᠨ᠎ᠠ᠃ ᠬᠤᠰᠢᠭᠤᠨ ᠤ ᠡᠯ᠎ᠡ ᠱᠠᠲᠤᠨ ᠤ ᠡᠯ᠎ᠡ | ᠲᠥᠷᠥᠯ ᠤᠨ ᠸᠢᠴᠠᠲ ᠤᠨ ᠲᠠᠪᠴᠠᠩ ᠪᠠ ᠷᠢᠳᠢ ᠰᠢᠳᠢ ᠲᠠᠢ ᠴᠠᠭᠠᠨ ᠬᠤᠰᠢᠭᠤᠨ ᠤ APP ᠳᠤ ︽ᠬᠠᠤᠯᠢ | ᠲᠦᠭᠡᠮᠡᠯᠵᠢᠭᠦᠯᠬᠦ ᠲᠤᠰᠬᠠᠶ ᠪᠤᠯᠤᠩ︾ ᠭᠠᠷᠭᠠᠵᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ | ᠴᠢᠩᠭᠠᠳᠬᠠᠵᠤ᠂ ᠡᠨᠡ ᠵᠢᠯ ᠠᠴᠠ ᠨᠠᠰᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠨᠡᠶᠢᠲᠡ 200 ᠭᠠᠷᠤᠶ ᠵᠤᠷᠪᠤᠰ ᠤᠳᠠᠭ᠎ᠠ ᠨᠡᠶᠢᠲᠡᠯᠡᠪᠡ᠃ | ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠠᠭ᠎ᠠ ᠬᠤᠪᠢᠶᠠᠷᠢ ᠠᠩᠭᠢ ᠨᠢ 40 ᠭᠠᠷᠤᠶ ᠲᠠᠯᠠᠪᠤᠷ | ᠤᠬᠠᠭᠤᠯᠤᠨ ᠲᠠᠶᠢᠯᠪᠤᠷᠢᠯᠠᠵᠤ᠂ 3600 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠤᠯᠠᠭᠠᠨᠮᠥ᠋ᠴᠢᠷ ᠤᠨ | ᠬᠠᠤᠯᠢ ᠲᠦᠭᠡᠮᠡᠯᠵᠢᠭᠦᠯᠬᠦ ᠲᠣᠭᠯᠠᠯᠲᠠ 13 ᠲᠠᠯᠠᠪᠤᠷ ᠶᠠᠪᠤᠭᠳᠠᠪᠠ᠃ ᠭᠤᠷᠪᠠ ᠳᠤ ᠤᠳᠤᠷᠢᠳᠬᠤ ᠺᠠᠳ᠋ᠷᠴᠤᠳ ᠤᠨ | ᠮᠡᠳᠡᠪᠡᠯ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ | ᠲᠣᠳᠣᠷᠬᠠᠢ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ ᠤᠳᠤᠷᠢᠳᠬᠤ ᠺᠠᠳ᠋ᠷ ᠤᠨ ᠮᠡᠳᠡᠪᠡᠯ ᠵᠣᠬᠢᠬᠤ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ ᠲᠠᠩᠰᠠ︾ ᠶᠢ | ᠲᠣᠭᠲᠠᠭᠠᠨ ᠲᠠᠷᠬᠠᠭᠠᠵᠤ᠂ ᠨᠠᠮ ᠤᠨ ᠲᠦᠷᠢᠮ᠂ ᠠᠯᠪᠠᠲᠠᠨ ᠤ ᠬᠠᠤᠯᠢ ᠵᠡᠷᠭᠡ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠲᠠᠶᠢᠯᠤᠮᠵᠢ ᠶᠢᠨ ᠬᠢᠴᠢᠶᠡᠯ ᠢ ᠲᠤᠰᠬᠠᠶᠢᠯᠠᠨ ᠨᠡᠭᠡᠭᠡᠵᠦ᠂ ᠣᠲᠣ | ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠡᠯ᠎ᠡ ᠲᠥᠷᠥᠯ ᠤᠨ ᠪᠣᠯᠪᠠᠰᠤᠷᠠᠯ ᠤᠨ | ᠠᠩᠭᠢ ᠶᠢ ᠨᠡᠶᠢᠲᠡ 17 ᠤᠳᠠᠭ᠎ᠠ ᠡᠷᠭᠢᠯᠡᠵᠦ᠂ 2500 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠡᠯ᠎ᠡ | ᠱᠠᠲᠤᠨ ᠤ ᠤᠳᠤᠷᠢᠳᠬᠤ ᠺᠠᠳ᠋ᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠣᠨᠣᠯ ᠤᠨ ᠰᠠᠭᠤᠷᠢ ᠶᠢ | ᠪᠠᠲᠤᠳᠬᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ᠡᠨᠡ ᠵᠢᠯ ᠠᠴᠠ ᠨᠠᠰᠢᠬᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ | ᠠᠬᠢᠭᠤᠯᠤᠭᠰᠠᠨ ᠪᠠᠶᠢᠳᠠᠯ ᠠᠴᠠ ᠦᠵᠡᠪᠡᠯ᠂ ᠰᠢᠯᠤᠭᠤᠨ ᠬᠥᠪᠡᠭᠡᠲᠦ ᠴᠠᠭᠠᠨ ᠬᠤᠰᠢᠭᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠬᠡᠳᠦ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ | ᠪᠣᠯᠪᠠᠴᠤ ᠮᠥᠨᠬᠦ ᠵᠠᠷᠢᠮ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠬᠡᠷᠪᠡ ᠦᠨᠳᠦᠰᠦᠨ | ᠱᠠᠲᠤᠨ ᠤ ᠬᠠᠤᠯᠢ ᠪᠠᠷ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠳᠤᠴᠠ ᠲᠡᠩᠴᠡᠭᠦᠷᠢ ᠦᠭᠡᠢ᠂ ᠬᠠᠤᠯᠢ | ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢ ᠮᠥᠨ ᠬᠦ ᠴᠢᠩᠭᠠᠳᠬᠠᠬᠤ ᠴᠢᠬᠤᠯᠠᠲᠠᠢ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠡᠷᠴᠢᠮ ᠴᠢᠩᠭ᠎ᠠ ᠪᠤᠰᠤ᠂ ᠤᠬᠠᠭᠤᠯᠬᠤ ᠠᠷᠭ᠎ᠠ | ᠮᠠᠶ᠋ᠢᠭ ᠨᠢ ᠳᠠᠩ ᠴᠤᠯᠭᠤᠶ᠂ ᠤᠬᠠᠭᠤᠯᠬᠤ ᠠᠵᠢᠯᠯᠠᠭ᠎ᠠ ᠨᠢ ᠬᠠᠷᠢᠯᠴᠠᠨ ᠠᠬᠢᠭᠤᠯᠬᠤ ᠴᠢᠨᠠᠷ ᠢᠶᠠᠷ ᠳᠤᠲᠠᠮᠠᠭ ᠪᠠᠶᠢᠵᠤ᠂ | ᠬᠠᠤᠯᠢ ᠲᠦᠭᠡᠮᠡᠯᠵᠢᠭᠦᠯᠬᠦ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ | ᠨᠥᠯᠥᠭᠡᠯᠡᠵᠦ ᠪᠠᠶᠢᠨ᠎ᠠ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠦᠷᠭᠦᠯᠵᠢᠯᠡᠨ ᠬᠦᠴᠦᠯᠡᠨ ᠬᠢᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ᠂ ᠬᠠᠤᠯᠢ | ᠬᠡᠷᠡᠭᠵᠢᠭᠦᠯᠬᠦ ᠬᠡᠪ ᠴᠢᠨᠠᠷ ᠪᠣᠯᠤᠨ ᠬᠠᠤᠯᠢ ᠬᠡᠷᠡᠭᠵᠢᠭᠦᠯᠬᠦ ᠴᠢᠳᠠᠪᠤᠷᠢ ᠨᠢ ᠰᠢᠨ᠎ᠡ ᠪᠠᠶᠢᠳᠠᠯ ᠳᠣᠣᠷᠠᠬᠢ ᠬᠠᠤᠯᠢ | ᠬᠡᠷᠡᠭᠵᠢᠭᠦᠯᠬᠦ ᠠᠵᠢᠯ ᠤᠨ ᠬᠡᠷᠡᠭᠴᠡᠭᠡ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠬᠤ ᠵᠡᠷᠭᠡ ᠪᠣᠯᠤᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ᠃ | ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠪᠠᠷᠢᠮᠲᠠᠯᠠᠨ᠎ᠠ᠃ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠤᠳᠤᠷᠢᠳᠬᠤ ᠺᠠᠳ᠋ᠷ ᠤᠨ ᠬᠠᠤᠯᠢ ᠰᠤᠷᠤᠯᠴᠠᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ | ᠬᠦᠷᠢ᠊ ᠡᠶ᠎ᠡ ᠡᠯ᠎ᠡ ᠲᠠᠯ᠎ᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠤᠳᠤᠷᠢᠳᠬᠤ | ᠺᠠᠳ᠋ᠷ ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠪᠠᠲᠤ ᠡᠵᠡᠮᠳᠡᠵᠦ᠂ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠨ᠂ ᠡᠯ᠎ᠡ ᠵᠦᠢᠯ ᠤᠨ ᠠᠵᠢᠯ ᠢ | ᠬᠠᠤᠯᠢ ᠪᠠᠷ ᠵᠠᠰᠠᠬᠤ ᠵᠠᠮ ᠳᠤ ᠦᠨᠡᠨ ᠬᠦ ᠣᠷᠣᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠢᠬᠤᠯᠠ | ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠤᠨ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ | ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠤᠨ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ | ᠰᠢᠪᠠᠳᠠᠨ ᠰᠢᠢᠳᠪᠦᠷᠢᠯᠡᠭᠦᠯᠦᠨ᠎ᠡ᠃ | ︵ᠬᠤᠶᠠᠷ︶ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠨᠢᠭᠡ ᠳᠤ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠦᠨ᠎ᠠ᠃ | ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠲᠣᠭᠲᠠᠭᠠᠨ ᠶᠠᠪᠤᠭᠤᠯᠬᠤ ᠪᠠ ᠢᠯᠭᠠᠷᠠᠭᠤᠯᠬᠤ ᠠᠵᠢᠯ ᠢ | ᠰᠠᠶᠢᠲᠤᠷ ᠬᠢᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ | ᠪᠠᠶᠢᠳᠠᠯ ᠳᠤ ᠮᠥᠷᠳᠡᠨ ᠪᠠᠶᠢᠴᠠᠭᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠦᠨ᠂ ᠡᠯ᠎ᠡ ᠨᠢᠭᠡᠴᠡ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠬᠦ ᠪᠠ | ᠳᠠᠩᠰᠠᠯᠠᠵᠤ ᠬᠢᠨᠠᠨ ᠪᠠᠶᠢᠴᠠᠭᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ ᠧᠷᠢᠶᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠬᠤᠶᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠪᠠ ᠨᠡᠶᠢᠭᠡᠮ ᠤᠨ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠤᠷᠪᠠ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ︽ᠭᠤᠷᠪᠠᠨ ᠵᠦᠶ᠋ᠯ ᠤᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠵᠠᠰᠠᠯᠲᠠ ᠶᠢ ᠨᠠᠩ ᠵᠢᠷᠤᠮᠵᠢᠭᠤᠯᠬᠤ᠂ ᠲᠠᠰ | ᠲᠠᠷᠠᠭᠠᠵᠢᠭᠤᠯᠬᠤ᠂ ᠬᠠᠤᠯᠢᠵᠢᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠵᠤ᠂ ᠢᠯᠡ ᠪᠣᠯᠭᠠᠬᠤ ᠠᠷᠭ᠎ᠠ ᠵᠠᠮ ᠢ ᠥᠷᠭᠡᠳᠬᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠰᠢᠨᠡᠳᠬᠡᠨ ᠨᠡᠶᠢᠲᠡᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠲᠣᠳᠣ ᠶᠢᠨ | ᠬᠡᠮᠵᠢᠶ᠎ᠡ ᠶᠢ ᠨᠡᠮᠡᠭᠳᠡᠭᠦᠯᠦᠨ᠎ᠡ᠃ | ︵ᠭᠤᠷᠪᠠ︶ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ᠃ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠵᠠᠮ᠂ ᠲᠠᠪᠴᠠᠩ ᠪᠠ ᠠᠴᠢᠶᠠᠯᠠᠪᠤᠷᠢ ᠶᠢ | ᠲᠠᠰᠤᠷᠠᠯᠳᠠ ᠦᠭᠡᠢ ᠥᠷᠭᠡᠳᠬᠡᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠪᠠ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢᠶᠠᠷ ᠰᠠᠭᠤᠷᠢ ᠪᠣᠯᠭᠠᠵᠤ᠂ ᠮᠡᠳᠡᠯᠭᠡ ᠶᠢᠨ ᠤᠷᠤᠯᠳᠤᠭᠠᠨ᠂ ᠬᠠᠤᠯᠢ ᠴᠠᠭᠠᠵᠠ ᠶᠢᠨ | ᠲᠠᠶᠢᠯᠤᠮᠵᠢ᠂ ᠪᠣᠯᠪᠠᠰᠤᠷᠠᠯ ᠤᠨ ᠠᠩᠭᠢ ᠵᠡᠷᠭᠡ ᠠᠵᠢᠯᠯᠠᠭ᠎ᠠ ᠶᠢᠨ ᠬᠡᠯᠪᠡᠷᠢ ᠲᠠᠢ ᠤᠶᠠᠯᠳᠤᠭᠤᠯᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠬᠠᠷᠢᠯᠴᠠᠨ ᠦᠢᠯᠡᠳᠦᠯᠴᠡᠬᠦ ᠴᠢᠨᠠᠷ ᠢ | ᠨᠡᠮᠡᠭᠳᠡᠭᠦᠯᠵᠦ᠂ ᠤᠯᠠᠨ ᠲᠦᠮᠡᠨ ᠢ ᠦᠯᠦ ᠮᠡᠳᠡᠭᠳᠡᠮ᠎ᠡ ᠨᠥᠯᠥᠭᠡᠯᠡᠨ᠂ ᠤᠯᠠᠨ ᠲᠦᠮᠡᠨ ᠢ ᠬᠥᠮᠦᠵᠢᠭᠦᠯᠦᠨ | ᠬᠦᠳᠤᠯᠤᠨ ᠵᠢᠯᠣᠭᠤᠳᠴᠤ ᠪᠠᠶᠢᠭᠠᠳ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠬᠡᠪ ᠰᠤᠷᠲᠠᠯ ᠢ | ᠤᠬᠠᠮᠰᠠᠷ ᠠᠴᠠ ᠪᠠᠨ ᠪᠤᠢ ᠪᠣᠯᠭᠠᠵᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ | ᠬᠠᠤᠯᠢ ᠶᠢ ᠬᠡᠷᠡᠭᠯᠡᠬᠦ ᠶᠢ ᠨᠡᠶᠢᠭᠡᠮ ᠳᠠᠶᠠᠭᠠᠷ ᠲᠤ ᠬᠡᠪ ᠵᠠᠩᠰᠢᠯ ᠪᠣᠯᠭᠠᠨ᠎ᠠ᠃ |