2 ᠰᠠᠷ᠎ᠠ ᠶᠢᠨ 25 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠤᠭ᠎ᠠ ᠪᠦᠷᠢᠳᠬᠡᠯ ᠤᠨ | ᠲᠣᠪᠴᠢᠶ᠎ᠠ ︽ ᠬᠤᠳᠠᠯ ᠬᠠᠭᠤᠷᠮᠠᠭ ᠢᠶᠠᠷ ᠪᠦᠷᠢᠳᠬᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠶᠢᠨ ᠰᠡᠷᠡᠮᠵᠢᠯᠡᠭᠦᠯᠬᠦ | ᠬᠥᠮᠦᠵᠢᠯ ᠤᠨ ᠬᠤᠷᠠᠯ ᠬᠢᠵᠦ᠂ ᠬᠤᠷᠠᠯ ᠳᠡᠭᠡᠷ᠎ᠡ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ | ᠬᠢᠨᠠᠨ ᠪᠠᠶᠢᠴᠠᠭᠠᠬᠤ ᠵᠥᠪᠯᠡᠯ ᠤᠨ ᠤᠬᠠᠭᠤᠯᠬᠤ ᠬᠡᠯᠲᠡᠰ ᠪᠣᠯᠤᠨ ᠲᠥᠪ ᠤᠨ ᠷᠠᠳᠢᠣ᠋ ᠲᠧᠯᠸᠢᠰ ᠬᠤᠷᠢᠶ᠎ᠠ ᠶᠢᠨ | ᠬᠠᠮᠲᠤᠷᠠᠨ ᠰᠡᠭᠦᠳᠡᠷᠯᠡᠨ ᠦᠶ᠋ᠯᠡᠳᠦᠭᠰᠡᠨ ︽ᠢᠯᠵᠠᠷᠠᠯ ᠢ ᠡᠰᠡᠷᠭᠦᠴᠡᠬᠦ ᠨᠢ ᠠᠷᠠᠳ ᠲᠦᠮᠡᠨ ᠤ ᠲᠥᠯᠥᠭᠡ︾ ᠶᠢᠨ | ᠳᠥᠷᠪᠡᠳᠦᠭᠡᠷ ᠪᠦᠯᠦᠭ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ︾ ᠶᠢ ᠦᠵᠡᠪᠡ᠃ | ᠲᠤᠰ ᠹᠢᠯᠢᠮ ᠨᠢ ᠦᠨᠡᠨ ᠪᠣᠳᠠᠲᠠᠢ ᠬᠡᠷᠡᠭ ᠤᠨ ᠵᠢᠱᠢ᠊ ᠡᠶ᠎ᠡ ᠪᠠᠷ ᠰᠠᠭᠤᠷᠢ ᠪᠣᠯᠭᠠᠵᠤ᠂ ᠬᠤᠳᠠᠯ ᠬᠠᠭᠤᠷᠮᠠᠭ ᠢᠶᠠᠷ | ᠵᠣᠬᠢᠶᠠᠭᠰᠠᠨ ᠰᠢᠯᠲᠠᠭᠠᠨ᠂ ᠠᠷᠭ᠎ᠠ ᠪᠠᠷᠢᠯ ᠵᠢᠴᠢ ᠦᠷ᠎ᠡ ᠳ᠋ᠦᠩ ᠢ ᠪᠦᠬᠦ ᠲᠠᠯ᠎ᠠ ᠪᠠᠷ ᠵᠠᠳᠠᠯᠵᠤ᠂ ︽ ᠨᠡᠶᠢᠲᠡᠯᠢᠭ | ᠬᠡᠷᠡᠭ ᠤᠨ ᠵᠢᠱᠢ᠊ ᠡᠶ᠎ᠡ︾ ᠪᠠᠷ ᠳᠠᠮᠵᠢᠭᠤᠯᠤᠨ᠂ ᠬᠤᠳᠠᠯ ᠬᠠᠭᠤᠷᠮᠠᠭ ᠢᠶᠠᠷ ᠪᠦᠷᠢᠳᠬᠡᠭᠰᠡᠨ ᠬᠤᠣᠷ ᠬᠥᠨᠥᠭᠡᠯ ᠢ | ᠭᠦᠨᠵᠡᠭᠡᠢ ᠢᠯᠡᠷᠡᠭᠦᠯᠵᠦ᠂ ᠲᠤᠭ᠎ᠠ ᠪᠦᠷᠢᠳᠬᠡᠯ ᠤᠨ ᠠᠵᠢᠯ ᠡᠷᠬᠢᠯᠡᠭᠰᠡᠳ ᠤᠨ ᠬᠠᠷᠢᠭᠤᠴᠠᠯᠭ᠎ᠠ ᠶᠢᠨ ᠤᠬᠠᠮᠰᠠᠷ ᠢ | ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ᠂ ᠢᠯᠡ ᠲᠣᠳᠣ ᠴᠢᠨᠠᠷ ᠢ ᠠᠬᠢᠭᠤᠯᠪᠠ᠃ | ᠡᠭᠦᠨ ᠤ ᠬᠠᠮᠲᠤ᠂ ᠬᠤᠷᠠᠯ ᠳᠡᠭᠡᠷ᠎ᠡ ᠬᠠᠤᠯᠢ ᠲᠦᠷᠢᠮ ᠤᠨ ᠲᠠᠰᠤᠭ ᠤᠨ ᠲᠤᠰᠬᠠᠶ ᠮᠡᠷᠭᠡᠵᠢᠯ ᠤᠨ ᠠᠵᠢᠯᠲᠠᠨ ︽ | ᠲᠤᠭ᠎ᠠ ᠪᠦᠷᠢᠳᠬᠡᠯ ᠤᠨ ᠬᠠᠤᠯᠢ︾ ᠳᠤ ᠰᠢᠨ᠎ᠡ ᠪᠠᠷ ᠵᠠᠰᠠᠪᠤᠷᠢ ᠣᠷᠣᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠤ | ︽ᠲᠤᠭ᠎ᠠ ᠪᠦᠷᠢᠳᠬᠡᠯ ᠤᠨ ᠬᠠᠤᠯᠢ︾ ᠶᠢ ᠨᠠᠩ ᠭᠦᠨᠵᠡᠭᠡᠶ ᠨᠠᠩ ᠪᠥᠬᠦ ᠲᠠᠯ᠎ᠠ ᠪᠠᠷ ᠣᠶᠢᠯᠠᠭᠠᠬᠤ ᠶᠢ ᠠᠬᠢᠭᠤᠯᠵᠤ᠂ | ᠬᠤᠷᠠᠯ ᠳᠡᠭᠡᠷ᠎ᠡ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠰᠢᠨ᠎ᠡ ᠬᠠᠭᠤᠴᠢᠨ ᠬᠠᠤᠯᠢ ᠶᠢᠨ ᠬᠠᠷᠢᠴᠠᠭᠤᠯᠤᠯ ᠢᠶᠠᠷ | ᠳᠠᠮᠵᠢᠭᠤᠯᠤᠨ ᠺᠠᠳ᠋ᠷ ᠠᠵᠢᠯᠲᠠᠨ ᠠᠵᠢᠯᠴᠢᠨ ᠳᠤ ︽ᠲᠤᠭ᠎ᠠ ᠪᠦᠷᠢᠳᠬᠡᠯ ᠤᠨ ᠬᠠᠤᠯᠢ︾ ᠶᠢᠨ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠠᠭᠤᠯᠤᠭᠳᠠᠬᠤᠨ ᠪᠠ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠭᠤᠯᠬᠤ ᠪᠣᠯᠤᠨ᠎ᠠ᠃ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠢᠯᠵᠠᠷᠠᠯ ᠢ | ᠡᠰᠡᠷᠭᠦᠴᠡᠬᠦ ᠨᠢ ᠠᠷᠠᠳ ᠲᠦᠮᠡᠨ ᠤ ᠲᠥᠯᠥᠭᠡ︾ ᠶᠢᠨ ᠳᠥᠷᠪᠡᠳᠦᠭᠡᠷ ᠪᠦᠯᠦᠭ ︽ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠵᠤ ᠵᠠᠰᠠᠯᠲᠠ ᠶᠢ ᠠᠬᠢᠭᠤᠯᠬᠤ︾ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠪᠠᠷ ᠳᠠᠮᠵᠢᠭᠤᠯᠤᠨ | ᠪᠥᠬᠦ ᠠᠵᠢᠯᠲᠠᠨ ᠠᠵᠢᠯᠴᠢᠨ ᠤ ᠺᠠᠳ᠋ᠷ ᠤᠨ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠨᠢ ᠬᠠᠤᠯᠢ ᠠᠴᠠ | ᠵᠥᠷᠢᠴᠡᠭᠰᠡᠨ ᠦᠶ᠋ᠯᠡ ᠠᠵᠢᠯᠯᠠᠭ᠎ᠠ ᠪᠣᠯᠬᠤ ᠪᠠᠷ ᠪᠠᠷᠠᠬᠤ ᠥᠬᠡᠶ ᠨᠠᠩ ᠴᠤ ᠨᠡᠶᠢᠭᠡᠮ ᠤᠨ ᠲᠥᠪ ᠭᠤᠤᠯᠴᠢ ᠪᠠ ᠠᠵᠤ | ᠠᠬᠤᠶ ᠶᠢᠨ ᠬᠥᠭᠵᠢᠯᠲᠡ ᠳᠤ ᠬᠦᠨᠳᠦ ᠨᠣᠴᠢᠲᠠᠶ ᠡᠪᠳᠡᠯᠡᠭᠡ ᠤᠴᠠᠷᠠᠭᠤᠯᠵᠤ ᠪᠠᠶᠢᠨ᠎ᠠ᠂ ᠭᠠᠭᠴᠠ ᠬᠦ ᠦᠨᠡᠨ ᠠᠴᠠ | ᠵᠥᠪ ᠢ ᠡᠷᠢᠬᠦ᠂ ᠬᠠᠤᠯᠢ ᠶᠣᠰᠣᠭᠠᠷ ᠪᠦᠷᠢᠳᠬᠡᠬᠦ ᠶᠢ ᠪᠠᠷᠢᠮᠲᠠᠯᠠᠪᠠᠯ ᠰᠠᠶ᠋ᠢ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠡᠷᠬᠡ ᠰᠦᠷᠲᠦ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠵᠤ᠂ ᠨᠡᠶᠢᠭᠡᠮ | ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠴᠢᠳᠠᠨ᠎ᠠ ᠭᠡᠵᠦ ᠰᠡᠷᠡᠮᠵᠢᠯᠡᠭᠦᠯᠪᠡ︔ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠬᠤ ᠪᠠᠷ ᠳᠠᠮᠵᠢᠨ ᠲᠤᠭ᠎ᠠ | ᠪᠦᠷᠢᠳᠬᠡᠯ ᠤᠨ ᠠᠵᠢᠯ ᠤᠨ ᠵᠢᠷᠤᠮᠵᠢᠯ ᠪᠣᠯᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠲᠤᠭ᠎ᠠ ᠪᠦᠷᠢᠳᠬᠡᠯ ᠤᠨ | ᠠᠵᠢᠯᠲᠠᠨ ᠤ ᠠᠵᠢᠯ ᠤᠨ ᠳᠤᠮᠳᠠ ᠪᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠤᠭ᠎ᠠ ᠪᠠᠷᠢᠮᠲᠠ ᠴᠤᠭᠯᠠᠭᠤᠯᠵᠤ᠂ | ᠲᠤᠭ᠎ᠠ ᠪᠦᠷᠢᠳᠬᠡᠯ ᠤᠨ ᠠᠵᠢᠯ ᠢ ᠨᠡᠩ ᠡᠮᠬᠢ ᠵᠢᠷᠤᠮ ᠲᠠᠢ᠂ ᠰᠢᠨᠵᠢᠯᠡᠬᠦ ᠤᠬᠠᠭᠠᠨᠴᠢ ᠪᠠᠷ ᠶᠠᠪᠤᠭᠳᠠᠭᠤᠯᠬᠤ ᠳᠤ | ᠠᠰᠢᠭᠲᠠᠶ ᠶᠤᠮ᠃ |