3 ᠳ᠋ᠤᠭᠠᠷ ᠰᠠᠷ᠎ᠠ ᠶᠢᠨ 24 ᠡᠳᠦᠷ᠂ ᠮᠠᠨ ᠤ ᠪᠠᠯᠭᠠᠰᠤ ᠳᠥᠷᠪᠡᠳᠦᠭᠡᠷ ᠤᠳᠠᠭᠠᠨ ᠤ ᠨᠠᠮ ᠤᠨ ᠬᠤᠷᠢᠶ᠎ᠠ ︵ | ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠪᠠᠯᠭᠠᠰᠤᠨ ᠤ ᠺᠠᠳ᠋ᠷ ᠠᠵᠢᠯᠲᠠᠨ᠂ ᠡᠯ᠎ᠡ ᠲᠣᠰᠬᠤᠨ ᠤ | ᠱᠦᠵᠢ ᠬᠤᠷᠠᠯ ᠳᠤ ᠣᠷᠣᠯᠴᠠᠪᠠ᠃ ᠬᠤᠷᠠᠯ ᠠᠴᠠ ᠲᠥᠪ ᠤᠨ ᠨᠠᠶ᠋ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ | ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠰᠤᠷᠤᠯᠴᠠᠯᠭ᠎ᠠ | ᠬᠥᠮᠦᠵᠢᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ︽ᠳᠦᠷᠢᠮ | ᠲᠣᠭᠲᠠᠭᠠᠯ︾᠂ ︽ᠬᠠᠲᠠᠭᠤ ᠲᠣᠭᠲᠠᠭᠠᠯ︾ ᠮᠥᠨ᠂ ᠰᠤᠷᠲᠠᠯ ᠢ ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ | ᠬᠠᠷᠢᠯᠴᠠᠬᠤ ᠴᠢᠬᠤᠯᠠ ᠭᠠᠷᠳᠠᠴᠠ ᠮᠥᠨ᠃ ᠪᠦᠬᠦ ᠨᠠᠮ ᠤᠨ ᠭᠡᠰᠢᠭᠦᠨ ᠺᠠᠳ᠋ᠷ ᠲᠤᠰ ᠤᠳᠠᠭ᠎ᠠ ᠶᠢᠨ ᠰᠤᠷᠤᠯᠴᠠᠯᠭ᠎ᠠ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠤᠢᠢᠯᠠᠭᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠬᠤ | ᠬᠡᠷᠡᠭᠲᠡᠢ᠃ ᠬᠤᠷᠠᠯ ᠠᠴᠠ ᠱᠠᠭᠠᠷᠳᠠᠭᠰᠠᠨ ᠨᠢ᠂ ᠪᠥᠬᠦ ᠨᠠᠮ ᠤᠨ ᠭᠡᠰᠢᠭᠦᠨ ᠺᠠᠳ᠋ᠷ ᠨᠠᠷᠢᠨ ᠬᠢᠨᠠᠮᠠᠭᠠᠶ᠂ ᠯᠠᠪᠳᠠᠭᠤᠨ | ᠪᠠᠲᠤᠲᠠᠶ ᠪᠠᠷ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ | ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠬᠦ ᠵᠡᠷᠭᠡ ᠲᠠᠯ᠎ᠠ ᠶᠢᠨ ᠠᠵᠢᠯ ᠤᠨ ᠡᠭᠦᠷᠭᠡ ᠶᠢ | ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠪᠠᠷ ᠠᠵᠢᠯ ᠤᠨ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃ |