3 ᠰᠠᠷ᠎ᠠ ᠶᠢᠨ 22 ᠤᠨ ᠡᠳᠦᠷ ᠪᠣᠯ ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠶ ᠶᠢᠨ ᠤᠰᠤᠨ ᠤ | ᠡᠳᠦᠷ︾ ᠪᠣᠯᠤᠨ᠎ᠠ᠂ 3 ᠰᠠᠷ᠎ᠠ ᠶᠢᠨ 22 ᠤᠨ ᠡᠳᠦᠷ ᠠᠴᠠ 28 ᠡᠳᠦᠷ ᠪᠣᠯᠲᠠᠯ᠎ᠠ ᠭᠤᠴᠢᠨ ᠨᠠᠶ᠋ᠮᠠᠳᠤᠭᠠᠷ | ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠤᠨ᠎ᠠ᠃ ᠤᠰᠤᠨ ᠤ ᠡᠬᠢ ᠪᠠᠶᠠᠯᠢᠭ ᠢ | ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠠᠵᠢᠯᠯᠠᠭ᠎ᠠ︾ ᠶᠢ | ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠤᠯᠠᠭᠠᠨᠴᠠᠪ ᠰᠤᠮᠤ ᠰᠠᠶᠢᠨ | ᠳᠤᠷᠠᠴᠤᠳ ᠢ ᠢᠳᠡᠪᠬᠢᠲᠡᠶ ᠵᠣᠬᠢᠶᠠᠨ ᠪᠠᠶᠢᠭᠤᠯᠵᠤ ︽ᠠᠵᠢᠨᠠᠶ ᠬᠦᠯᠦᠭ ᠨᠠᠭᠤᠷ ᠤᠨ ᠤᠯᠤᠰ ᠤᠨ ᠨᠤᠭᠤ ᠭᠠᠵᠠᠷ ᠤᠨ | ᠴᠡᠴᠡᠷᠯᠢᠭ︾ ᠳᠤ ᠬᠦᠷᠴᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠪᠡ᠃ ᠰᠠᠶᠢᠨ ᠳᠤᠷᠠᠴᠤᠳ ᠴᠡᠴᠡᠷᠯᠢᠭ ᠲᠤ ᠬᠦᠷᠦᠮᠡᠭᠴᠡ ᠳᠠᠷᠤᠶ ᠲᠦᠷᠭᠡᠨ ᠳᠤᠭᠤᠶᠢᠯᠠᠩ ᠬᠤᠪᠢᠶᠠᠵᠤ᠂ | ᠬᠤᠭ ᠨᠣᠪᠰᠢ ᠶᠢ ᠴᠡᠪᠡᠷᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠨᠠᠭᠤᠷ ᠤᠨ ᠬᠥᠪᠡᠭᠡᠨ ᠳᠠᠬᠢ ᠲᠠᠮᠠᠬᠢᠨ | ᠤᠵᠠᠭᠤᠷ᠂ ᠬᠠᠶᠠᠭᠳᠠᠮᠠᠯ ᠴᠠᠭᠠᠰᠤ ᠵᠡᠷᠭᠡ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠦ᠂ ᠠᠷᠢᠭᠤᠨ ᠴᠡᠪᠡᠷ ᠢ | ᠦᠯᠦ ᠬᠠᠶᠢᠬᠤᠷᠤᠨ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ ᠬᠤᠪᠢ | ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠬᠡᠷᠡᠭᠲᠡᠢ᠃ ᠲᠣᠰ ᠤᠳᠠᠭᠠᠨ ᠤ ᠠᠵᠢᠯᠯᠠᠭ᠎ᠠ ᠨᠢ | ᠴᠡᠴᠡᠷᠯᠢᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ | ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠤᠰᠤᠨ ᠤ ᠡᠬᠢ ᠪᠠᠶᠠᠯᠢᠭ ᠢ ᠬᠠᠮᠠᠭᠠᠯᠠᠬᠤ᠂ | ᠣᠷᠴᠢᠨ ᠲᠣᠭᠤᠷᠢᠨ ᠢ ᠬᠠᠮᠠᠭᠠᠯᠠᠬᠤ ᠢᠳᠡᠪᠬᠢ ᠬᠦᠴᠦᠨ ᠢ ᠳᠠᠮᠵᠢᠭᠤᠯᠵᠠᠶ᠃ ᠡᠭᠦᠨ ᠤ ᠬᠠᠮᠲᠤ᠂ ᠨᠠᠩ ᠣᠯᠠᠨ | ᠬᠥᠮᠦᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠩᠨᠡᠭᠡᠨ ᠳᠤ ᠣᠷᠣᠵᠤ᠂ ᠳᠡᠷᠭᠡᠳᠡᠬᠢ ᠵᠢᠵᠢᠭ ᠶᠠᠪᠤᠳᠠᠯ ᠠᠴᠠ | ᠡᠬᠢᠯᠡᠨ ᠬᠢᠵᠦ᠂ ᠭᠠᠷ ᠬᠤᠯᠪᠣᠨ ᠪᠢᠳᠡᠨ ᠤ ᠠᠮᠢ ᠨᠠᠰᠤᠨ ᠤ ᠡᠬᠢ ᠰᠤᠷᠪᠤᠯᠵᠢ ᠶᠢ ᠰᠠᠬᠢᠨ ᠬᠠᠮᠠᠭᠠᠯᠠᠵᠤ᠂ ᠰᠠᠶᠢᠨ | ᠰᠠᠶᠢᠬᠠᠨ ᠠᠮᠢ ᠠᠬᠤᠶ ᠶᠢᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ᠃ |