ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ | ■ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ | ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ᠃ | ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ | ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ ᠠᠰᠢᠭᠲᠠᠢ | ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠶᠢᠨ | ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ | ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ | ■ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ | ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ | ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠴᠢᠬᠤᠯᠠ | ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ | ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ | ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ | ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ | ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ | ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ | ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ | ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ | ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ | ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ | ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ | ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | ■ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ ᠵᠡᠷᠭᠡᠯᠡᠳᠡᠭᠡ | ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ | ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ | ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ ᠣᠷᠣᠨ ᠤ ᠲᠣᠭᠲᠠᠭᠤᠨ | ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ | ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ | ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ᠃ | ■ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠬᠤ | ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ | ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ | ᠡᠭᠦᠳᠬᠦ ᠶᠢ ᠠᠬᠢᠭᠤᠯᠬᠤ ᠬᠡᠷᠡᠭᠲᠡᠢ᠃ | ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ | ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠪᠠ᠃ | | | | | | 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ᠂ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ | ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ | ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠬᠥᠷᠰᠢ ᠵᠡᠷᠭᠡᠯᠡᠳᠡᠭᠡ ᠶᠢᠨ ᠠᠵᠢᠯ ᠤᠨ | ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠷᠰᠢ ᠵᠡᠷᠭᠡᠯᠡᠳᠡᠭᠡ ᠶᠢᠨ | ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠢ | ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ | ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ ᠵᠦᠢᠯ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠵᠠᠩᠭᠢᠯᠠᠭ᠎ᠠ ᠪᠣᠯᠣᠨ᠎ᠠ᠃ | ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ ᠬᠥᠷᠰᠢ ᠵᠡᠷᠭᠡᠯᠡᠳᠡᠭᠡ ᠶᠢᠨ | ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ | ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ ᠵᠡᠷᠭᠡᠯᠡᠳᠡᠭᠡ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ ᠲᠡᠷᠢᠭᠦᠨ ᠤ | ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠪᠦᠭᠦ ᠲᠠᠯ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠶᠢᠨ | ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ | ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ | ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ | ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠴᠢᠬᠤᠯᠠ | ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ | ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ ᠬᠥᠭᠵᠢᠯᠲᠡ ᠠᠮᠤᠷ | ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ | ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ | ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ | ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ | ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ | ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ | ᠲᠦᠪᠰᠢᠨ ᠢ ᠬᠠᠮᠲᠤ ᠪᠠᠷ ᠡᠳ᠋ᠯᠡᠵᠦ ᠠᠶᠤᠯ ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ | ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ | ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ | ᠬᠤᠯᠪᠣᠯᠴᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ | ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ ᠣᠷᠣᠨ ᠤ | ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ | ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ ᠣᠷᠣᠨ ᠤ ᠲᠣᠭᠲᠠᠭᠤᠨ | ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠶᠢ ᠥᠷᠨᠢᠭᠦᠯᠦᠨ᠂ | ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ | ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠳᠤ | ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ | ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |