ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠦᠳᠡ ᠶᠢᠨ | ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ | ᠯᠢᠨ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠸᠢᠶᠧᠲᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ | ᠱᠦᠵᠢ ᠰᠦ᠋ ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ | ᠪᠠᠶᠢᠨ᠎ᠠ᠃ ᠡᠨᠡ ᠵᠢᠯ ᠪᠣᠯ ᠸᠢᠶᠧᠳ᠋ᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ᠂ | ᠸᠢᠶᠧᠲᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠳ᠋ᠨᠠᠮ | ᠴᠢᠯᠦᠭᠡᠯᠡᠭᠳᠡᠭᠰᠡᠨ 50 ᠵᠢᠯ ᠤᠨ ᠤᠢ ᠪᠣᠯᠣᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠡᠮᠦᠨ᠎ᠡ ᠠᠴᠠ ᠸᠢᠶᠧᠳ᠋ᠨᠠᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ | ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠲᠨᠠᠮ ᠤᠨ ᠬᠢᠨ ᠤ ᠲᠣᠰ | ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ 2026 | ᠣᠨ ᠳᠤ ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠢᠯᠠᠯᠲᠠ ᠲᠠᠢ | ᠬᠤᠷᠠᠯᠳᠤᠭᠤᠯᠵᠤ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠲᠡᠶᠢᠰᠢ ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃ | | | | | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ | ᠤᠢ ᠵᠢᠴᠢ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ 75 ᠵᠢᠯ ᠤᠨ | ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ ᠲᠤᠰᠠᠭᠠᠷ ᠲᠣᠭᠲᠠᠨᠢᠯ | ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ ᠲᠡᠮᠵᠢᠵᠤ᠂ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠲᠤᠰ | ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ | ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ᠃ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ | ᠪᠠᠶᠢᠳᠠᠯ ᠤᠨ ᠡᠮᠦᠨ᠎ᠡ ᠳᠤᠮᠳᠠᠳᠤ ᠸᠢᠶᠧᠲᠨᠠᠮ ᠬᠤᠶᠠᠷ ᠤᠯᠤᠰ ᠡᠩᠬᠡ ᠲᠠᠶᠢᠪᠤᠩ ᠬᠥᠭᠵᠢᠯᠲᠡ ᠶᠢ | ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠳ᠋ᠠᠬᠢᠨ ᠳᠤ ᠡᠷᠬᠢᠮ ᠨᠠᠨᠳᠢᠨ | ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠪᠡ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ | ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠶᠢᠨ ᠤᠯᠠᠮᠵᠢᠯᠠᠯᠲᠤ | ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ | ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ | ᠰᠠᠭᠤᠷᠢ ᠨᠡᠩ ᠪᠠᠲᠤ᠂ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ | ᠡᠵᠡᠮᠳᠡᠵᠦ ᠰᠢᠢᠳᠪᠦᠷᠢᠯᠡᠬᠦ ᠪᠠᠷ ᠨᠡᠩ ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠸᠢᠶᠧᠳ᠋ᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ | ᠪᠠᠲᠤᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | | | | | | | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ | ᠸᠢᠶᠧᠳ᠋ᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ | ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ | ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ ᠲᠡᠶᠢᠰᠢ | ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠦᠴᠦᠲᠡᠢ | ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ ᠴᠥᠮ ᠭᠠᠳᠠᠭᠠᠳᠤ | ᠨᠡᠭᠡᠭᠡᠯᠲᠡ ᠬᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠬᠤ ᠳᠤ | ᠢᠳᠡᠪᠬᠢᠲᠡᠢ ᠦᠢᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ ᠲᠤᠬᠰᠢᠨ ᠳᠠᠪᠠᠯᠭᠠᠨ ᠰᠢᠷᠦᠭᠦᠨ | ᠳᠣᠯᠭᠢᠶᠠᠨ ᠢ ᠳᠠᠭᠠᠭᠠᠵᠤ ᠳᠡᠶᠢᠯᠭᠦ ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠯᠠᠪᠳᠠᠭᠤᠨ ᠢᠶᠠᠷ | ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠪᠣᠯᠣᠨ ᠸᠢᠶᠧᠳ᠋ᠨᠠᠮ ᠪᠣᠯ ᠴᠥᠮ ᠠᠵᠤ ᠠᠬᠤᠢ ᠶᠢᠨ | ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠴᠢᠩᠭᠠᠳᠬᠠᠵᠤ ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ ᠪᠦᠬᠦ ᠪᠥᠮᠪᠥᠷᠴᠡᠭ ᠤᠨ | ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ ᠠᠳᠠᠯᠢ ᠪᠠᠷ | ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ ᠪᠠᠷ ᠢᠶᠠᠨ ᠨᠠᠮ ᠤᠨ ᠬᠤᠭᠤᠷᠣᠨᠳᠦᠭᠢ᠂ ᠬᠠᠤᠯᠢ | ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠵᠡᠷᠭᠡ ᠵᠠᠮ ᠰᠤᠪᠠᠭ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ | ᠳᠡᠭᠡᠭᠰᠢᠯᠡᠭᠦᠯᠦᠶ᠎ᠡ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ ᠪᠠᠶᠢᠯᠳᠤᠬᠤ | ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ | ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠣᠭᠤᠰ ᠮᠥᠷᠦ᠋ᠢᠴᠡᠬᠦ | ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ | ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ᠂ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ | ᠲᠣᠭᠲᠠᠭᠤᠨ ᠢ ᠬᠠᠮᠠᠭᠠᠯᠠᠶ᠎ᠠ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ | ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠳ᠋ᠨᠠᠮ ᠤᠨ ᠰᠢᠨ᠎ᠡ ᠭᠡᠯᠪᠡᠷᠢ ᠶᠢᠨ | ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ᠂ ᠬᠤᠶᠠᠷ | ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ᠃ | ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ ᠪᠣᠭᠤᠮᠲᠠ ᠶᠢ | ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ | ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ ᠤᠯᠤᠰ ᠤᠨ ᠭᠡᠳᠦ ᠶᠡᠭᠡ | ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠳ᠋ᠨᠠᠮ ᠳᠤ ᠨᠡᠭᠡᠭᠡᠯᠲᠡ ᠬᠢᠵᠦ᠂ ᠸᠢᠶᠧᠳ᠋ᠨᠠᠮ ᠤᠨ ᠨᠡᠩ ᠤᠯᠠᠨ ᠰᠢᠯᠢᠳᠡᠭ | ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ | ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠳ᠋ᠨᠠᠮ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ | ᠸᠢᠶᠧᠳ᠋ᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ | ᠪᠤᠯᠭᠠᠬᠤ ᠶᠢ ᠬᠦᠰᠡᠵᠦ ᠪᠠᠶᠢᠨ᠎ᠠ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ ᠵᠢᠯ ᠤᠨ | ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ ᠪᠤᠯᠭᠠᠵᠤ᠂ ᠤᠯᠠᠨ | ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ ᠠᠵᠢᠯᠯᠠᠭ᠎ᠠ ᠶᠢ ᠡᠷᠭᠢᠯᠡᠵᠦ᠂ | ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ | ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ ᠠᠭᠤᠳᠠᠯᠤᠨ᠂ ᠨᠥᠭᠦᠷᠰᠡᠭ ᠦᠯᠢᠭᠡᠷ ᠢ ᠰᠠᠶᠢᠲᠤᠷ | ᠶᠠᠷᠢᠵᠤ᠂ ᠬᠤᠶᠢᠰᠢᠳᠠ ᠶᠢᠨ 3 ᠵᠢᠯ ᠳᠤ ᠸᠢᠶᠧᠳ᠋ᠨᠠᠮ ᠤᠨ ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ | ᠬᠤᠪᠢᠰᠬᠠᠯ ᠤᠨ ᠰᠤᠳᠤᠯᠭᠠᠨ ᠤ ᠠᠶᠠᠯᠠᠯ︾ ᠢ ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ | ᠨᠢᠭᠡ ᠦᠶ᠎ᠡ ᠶᠢᠨ ᠬᠢᠨ ᠳᠤ ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ᠂ ᠬᠤᠶᠠᠷ | ᠤᠯᠤᠰ ᠤᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ᠂ ᠳᠤᠮᠳᠠᠳᠤ | ᠸᠢᠶᠧᠳ᠋ᠨᠠᠮ ᠤᠨ ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ | ᠤᠯᠠᠨ ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ | ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ ᠵᠥᠪᠯᠡᠯᠴᠡᠭᠡᠷ ᠤᠨ ᠳᠣᠲᠣᠷᠠᠬᠢ | ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ | ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ | ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ᠃ | ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ | ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠪᠠᠷ ᠨᠡᠭᠡᠭᠡᠨ | ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢ | ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃ | ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠳ᠋ᠨᠠᠮ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ ᠸᠢᠶᠧᠳ᠋ᠨᠠᠮ ᠤᠨ ᠠᠷᠠᠳ ᠲᠦᠮᠡᠨ ᠤ ᠠᠭᠤᠤ | ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ | ᠠᠶᠢᠯᠴᠢᠯᠠᠯᠲᠠ ᠳᠠᠭᠠᠨ ᠸᠢᠶᠧᠳ᠋ᠨᠠᠮ ᠳᠤ ᠢᠷᠡᠭᠰᠡᠨ ᠨᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ | ᠪᠠᠶᠢᠬᠤ ᠪᠠ ᠸᠢᠶᠧᠳ᠋ᠨᠠᠮ ᠢ ᠲᠡᠮᠵᠢᠵᠥ ᠪᠠᠶᠢᠬᠤ ᠶᠢ ᠭᠦᠢᠴᠡᠳ ᠢᠯᠡᠷᠡᠭᠦᠯᠪᠡ᠃ ᠲᠤᠰ ᠤᠳᠠᠭ᠎ᠠ ᠶᠢᠨ ᠠᠶᠢᠯᠴᠢᠯᠠᠯᠲᠠ ᠨᠢ | ᠯᠠᠪᠲᠠᠢ ᠬᠤᠶᠠᠷ ᠨᠠᠮ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ | ᠪᠣᠯᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃ | ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠦᠷᠭᠡᠨ | ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠰᠤᠷᠠᠯᠲᠠ ᠦᠭᠡᠢ ᠳᠡᠭᠡᠭᠰᠢᠯᠡᠪᠡ᠂ | ᠸᠢᠶᠧᠳ᠋ᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠣᠷᠳᠣ | ᠬᠤᠭᠤᠴᠠᠭᠠᠨ ᠤ ᠲᠤᠷᠰᠢ ᠸᠢᠶᠧᠳ᠋ᠨᠠᠮ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ | ᠪᠠᠶᠢᠨ᠎ᠠ ᠭᠡᠵᠦ ᠢᠯᠡᠳᠬᠡᠪᠡ᠃ | ᠰᠦ᠋ ᠯᠢᠨ᠂ ᠸᠢᠶᠧᠳ᠋ᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ | ᠵᠢᠷᠤᠮᠲᠤ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠳ᠋ᠨᠠᠮ ᠤᠨ | ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ | ᠮᠥᠨ᠃ ᠸᠢᠶᠧᠳ᠋ᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠳ᠋ᠨᠠᠮ ᠳᠤᠮᠳᠠᠳᠤ ᠶᠢᠨ | ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ | ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ ᠸᠢᠶᠧᠳ᠋ᠨᠠᠮ ᠤᠨ ᠬᠢᠨ ᠳᠤᠮᠳᠠᠳᠤ | ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠪᠠᠶᠢᠯᠳᠤᠬᠤ | ᠪᠣᠳᠣᠯᠭ᠎ᠠ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠪᠰᠢᠨ ᠢ | ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ ᠭᠢᠯᠠᠰ ᠴᠡᠭ ᠢ ᠪᠤᠢ | ᠪᠤᠯᠭᠠᠬᠤ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠣᠷᠣᠨ ᠨᠤᠲᠤᠭ᠂ ᠵᠠᠯᠠᠭᠤᠴᠤᠳ ᠤᠨ | ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠸᠢᠶᠧᠳ᠋ᠨᠠᠮ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ | ᠤᠯᠤᠰ ᠯᠤᠭ᠎ᠠ ︽ᠲᠠᠪᠤᠨ ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ | ᠠᠮᠤᠷ ᠲᠣᠭᠲᠠᠭᠤᠨ ᠬᠥᠷᠰᠢ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ | ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠵᠣᠬᠢᠴᠠᠭᠤᠯᠭ᠎ᠠ ᠪᠣᠯᠣᠨ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ | ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ | ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ ᠸᠢᠶᠧᠳ᠋ᠨᠠᠮ ᠤᠨ ᠬᠢᠨ | ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠲᠠᠯᠠᠢ ᠳᠡᠭᠡᠷᠡᠬᠢ | ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ᠃ | ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ ᠰᠠᠨᠠᠯ ᠢᠶᠠᠨ | ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠲᠠᠢ | ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ ᠡᠰᠡᠷᠭᠦᠴᠡᠬᠦ ᠲᠠᠢ ᠬᠤᠯᠪᠣᠭᠳᠠᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ ᠨᠠᠮ ᠢᠶᠠᠷ ᠢᠶᠠᠨ ᠲᠥᠪ ᠶᠢᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠬᠤ ᠪᠠᠷ ᠲᠣᠭᠲᠠᠪᠠ᠃ ᠬᠤᠶᠠᠷ ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ | ᠬᠠᠷᠢᠯᠴᠠᠨ ᠲᠣᠯᠢ ᠪᠤᠯᠭᠠᠬᠤ᠂ ᠨᠡᠶᠢᠭᠡᠮ ᠵᠢᠷᠤᠮ ᠤᠨ ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ | ᠵᠥᠪᠰᠢᠶᠡᠷᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠳ᠋ᠨᠠᠮ ᠬᠤᠶᠠᠷ | ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ | ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ ᠪᠣᠭᠤᠮᠲᠠ ᠶᠢᠨ ᠰᠢᠯᠭᠠᠨ | ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ ᠲᠠᠮᠢᠷ᠂ | ᠠᠷᠠᠳ ᠤᠨ ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠵᠠᠭᠤᠴᠢᠯᠠᠭᠤᠷ ᠵᠡᠷᠭᠡ | ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠨᠡᠶᠢᠭᠡᠮ ᠵᠢᠷᠤᠮᠲᠤ ᠸᠢᠶᠧᠳ᠋ᠨᠠᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ | ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |