ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠠᠮᠠᠷᠠᠭᠤᠯᠬᠤ ᠠᠵᠢᠯ᠃
ᠨᠡᠶᠢᠲᠡᠯᠡᠭᠰᠡᠨ ᠴᠠᠭ᠄
2025/4/3
    3 ᠰᠠᠷ᠎ᠠ ᠶᠢᠨ 24᠎ ᠤ ᠡᠳᠦᠷ᠂ ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠰᠡᠷᠭᠦᠭᠡᠬᠦ ᠠᠵᠢᠯ ᠤᠨ ᠰᠣᠨᠢᠨ  ᠮᠡᠳᠡᠭᠡ  ᠨᠡᠶᠢᠲᠡᠯᠡᠬᠦ  ᠬᠤᠷᠠᠯ  ᠬᠢᠪᠠ ᠃ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠪᠡ᠃    ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠤ ᠰᠡᠯᠭᠦᠨ ᠮᠠᠯᠵᠢᠬᠤ ᠠᠵᠢᠯ ᠢ ᠬᠡᠷᠡᠭᠵᠢᠭᠦᠯᠬᠦ ᠪᠣᠯ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠬᠦ ᠴᠢᠬᠤᠯᠠ ᠪᠥᠬᠦᠶ ᠠᠷᠭ᠎ᠠ ᠬᠡᠮᠵᠢᠶ᠎ᠡ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠴᠢᠬᠤᠯᠠ ᠠᠷᠭ᠎ᠠ ᠪᠠᠷᠢᠯ ᠪᠣᠯᠬᠤ ᠪᠥᠭᠡᠳ ᠪᠠᠰᠠ ᠴᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠪᠣᠳᠠᠲᠠᠶ ᠠᠵᠢᠯᠯᠠᠭ᠎ᠠ ᠪᠠᠶᠢᠵᠤ᠂ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠪᠣᠯᠬᠤᠷ᠂ ᠡᠷᠬᠡᠪᠰᠢ ᠬᠢᠬᠦ ᠬᠡᠷᠡᠭᠲᠡᠶ᠂ ᠣᠳᠣᠬᠠᠨ ᠳᠤ ᠠᠰᠢᠭᠲᠠᠶ᠂ ᠠᠯᠤᠰ ᠬᠡᠲᠦ ᠳᠤ ᠠᠰᠢᠭᠲᠠᠶ ᠶᠤᠮ᠃ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭ᠎ᠠ ᠪᠣᠯ ᠪᠡᠯᠴᠢᠭᠡᠷ ᠡᠪᠡᠰᠦ ᠶᠢᠨ ᠬᠠᠮᠤᠭ ᠤᠨ ᠬᠡᠪᠡᠷᠡᠭ ᠴᠠᠭ ᠬᠤᠭᠤᠴᠠᠭ᠎ᠠ ᠪᠣᠯᠤᠨ᠎ᠠ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠪᠠᠷ ᠳᠡᠮᠵᠢᠨ ᠮᠠᠯ ᠲᠡᠵᠢᠭᠡᠪᠦᠷᠢ ᠶᠢᠨ ᠨᠣᠭᠤᠭᠠᠷᠠᠬᠤ ᠬᠤᠭᠤᠴᠠᠭᠠᠨ ᠤ ᠪᠡᠯᠴᠢᠭᠡᠷ ᠡᠪᠡᠰᠦ ᠶᠢ ᠭᠢᠰᠬᠢᠯᠡᠬᠦ ᠶᠢ ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠶᠢᠨ ᠭᠦᠶ᠋ᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠶ ᠪᠠᠶᠢᠵᠤ᠂ ᠪᠡᠯᠴᠢᠭᠡᠷ ᠡᠪᠡᠰᠦᠨ ᠤ ᠤᠨᠠᠯᠲᠠ ᠶᠢ ᠳᠡᠭᠡᠭᠰᠢᠯᠡᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠯᠠᠮᠵᠢᠯᠠᠯᠲᠤ ᠪᠦᠳᠦᠭᠦᠯᠢᠭ ᠲᠠᠷᠠᠬᠠᠶ ᠪᠤᠲᠠᠷᠬᠠᠶ ᠬᠡᠯᠪᠡᠷᠢ ᠠᠴᠠ ᠡᠷᠴᠢᠮᠵᠢᠭᠦᠯᠦᠨ ᠬᠡᠪᠴᠢᠶᠡᠵᠢᠭᠦᠯᠦᠨ ᠬᠥᠭᠵᠢᠭᠦᠯᠬᠦ᠂ ᠲᠠᠩ ᠴᠤᠯᠭᠤᠶ ᠪᠠᠶᠢᠭᠠᠯᠢ ᠶᠢᠨ ᠪᠡᠯᠴᠢᠭᠡᠷ ᠠᠴᠠ ᠪᠠᠶᠢᠭᠠᠯᠢ ᠶᠢᠨ ᠪᠡᠯᠴᠢᠭᠡᠷᠯᠡᠬᠦ ᠪᠠ ᠬᠠᠰᠢᠶᠠᠯᠠᠨ ᠲᠡᠵᠢᠭᠡᠬᠦ ᠬᠠᠭᠠᠰ ᠬᠠᠰᠢᠶᠠᠯᠠᠨ ᠲᠡᠵᠢᠭᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠳᠠᠰᠢ ᠬᠤᠪᠢᠷᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠪᠡᠶᠡᠯᠡᠭᠦᠯᠦᠨ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠥᠨᠵᠢᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃    ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2022 - 2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠦᠯ︾᠎ ᠢ ᠦᠨᠳᠦᠰᠦᠯᠡᠨ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠠᠰᠠᠭᠤᠳᠠᠯ ᠢ ᠰᠢᠶ᠋ᠳᠪᠦᠷᠢᠯᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2025 ᠣᠨ ᠳᠤ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ ᠪᠥᠬᠦᠶ ᠪᠥᠬᠦ ᠬᠤᠰᠢᠭᠤᠨ ᠤ 4 ᠰᠤᠮᠤ ᠪᠠᠯᠭᠠᠰᠤᠨ ᠤ 35 ᠭᠠᠴᠠᠭ᠎ᠠ ︵ᠲᠠᠯᠠᠪᠠᠶ︶᠎ ᠶᠢᠨ ᠪᠡᠯᠴᠢᠭᠡᠷ ᠮᠠᠯ ᠢ ᠲᠡᠩᠴᠡᠭᠦᠷᠢᠲᠡᠶ ᠪᠠᠶᠢᠯᠭᠠᠬᠤ ᠣᠷᠣᠨ᠂ ᠰᠡᠯᠭᠦᠨ ᠮᠠᠯᠵᠢᠬᠤ ᠨᠤᠲᠤᠭ ᠪᠡᠯᠴᠢᠭᠡᠷ ᠤᠨ ᠲᠠᠯᠠᠪᠠᠶ 642 . 7 ᠲᠦᠮᠡᠨ ᠮᠥ ︵ᠡᠭᠦᠨ ᠳᠤ 412 . 87 ᠲᠦᠮᠡᠨ ᠮᠥ ᠳᠤ ᠨᠥᠬᠦᠪᠥᠷᠢ ᠱᠠᠩᠨᠠᠯ ᠭᠥᠷᠳᠡᠨ᠎ᠡ︶᠃ ᠥᠨᠵᠢᠭᠦᠯᠦᠨ ᠮᠠᠯᠯᠠᠬᠤ ᠳᠤ ᠬᠤᠨᠢ᠂ ᠦᠬᠡᠷ᠂ ᠡᠯᠵᠢᠭᠡ ︵ᠮᠣᠷᠢ᠂ ᠲᠡᠮᠡᠭᠡ ᠨᠢ ᠥᠨᠵᠢᠭᠦᠯᠦᠨ ᠮᠠᠯᠯᠠᠬᠤ ᠬᠡᠪᠴᠢᠶᠡᠨ ᠳᠤ ᠪᠠᠭᠲᠠᠬᠤ ᠦᠭᠡᠶ︶᠃ ᠮᠠᠯᠵᠢᠬᠤ ᠣᠷᠣᠨ ᠤ 21 ᠪᠡᠯᠴᠢᠭᠡᠷᠯᠡᠭᠦᠯᠬᠦ ᠶᠢ ᠴᠠᠭᠠᠵᠠᠯᠠᠬᠤ ᠭᠠᠴᠠᠭ᠎ᠠ ᠪᠠ ᠲᠠᠷᠢᠶᠠᠯᠠᠬᠤ ᠣᠷᠣᠨ ᠳᠤ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠦᠨ᠎ᠡ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠎ ᠤ  ᠨᠢᠭᠡᠳᠦᠯᠲᠡᠶ  ᠲᠣᠬᠢᠷᠠᠭᠤᠯᠤᠯᠲᠠ  ᠶᠣᠰᠣᠭᠠᠷ ᠂  ᠡᠯ᠎ᠡ ᠰᠤᠮᠤ ᠪᠠᠯᠭᠠᠰᠤᠨ ᠤ ᠨᠠᠮ ᠤᠨ  ᠬᠤᠷᠢᠶ᠎ᠠ ᠂ ᠵᠠᠰᠠᠭ ᠤᠨ ᠣᠷᠳᠣᠨ ᠪᠣᠯ ᠰᠡᠯᠭᠦᠨ ᠮᠠᠯᠵᠢᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠦᠨᠡᠨᠬᠦ ᠶᠠᠪᠤᠭᠳᠠᠭᠤᠰᠢᠲᠠᠶ ᠰᠡᠯᠭᠦᠨ ᠮᠠᠯᠵᠢᠬᠤ ᠠᠵᠢᠯ ᠤᠨ ᠲᠥᠰᠦᠯ ᠲᠣᠭᠲᠠᠭᠠᠵᠤ᠂ ᠰᠤᠮᠤ ᠪᠠᠯᠭᠠᠰᠤ ᠡᠯ᠎ᠡ ᠭᠠᠴᠠᠭ᠎ᠠ ᠲᠣᠰᠬᠤᠨ ᠲᠠᠢ ᠰᠡᠯᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠡᠯ᠎ᠡ ᠭᠠᠴᠠᠭ᠎ᠠ ᠲᠣᠰᠬᠤᠨ ᠮᠠᠯᠵᠢᠬᠤ ᠡᠷᠦᠬᠡ ᠲᠠᠢ ᠰᠡᠯᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠰᠡᠯᠭᠦᠨ ᠮᠠᠯᠵᠢᠬᠤ ᠠᠵᠢᠯ ᠢ ᠴᠢᠩᠭ᠎ᠠ ᠰᠠᠶᠢᠲᠤᠷ ᠠᠳᠬᠤᠵᠤ᠂ ᠪᠠᠶᠢᠩᠭᠤᠵᠢᠭᠤᠯᠬᠤ ᠬᠡᠷᠡᠭᠲᠡᠶ᠃ ᠮᠠᠯᠵᠢᠬᠤ ᠶᠢ ᠵᠣᠭᠰᠣᠭᠠᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠮᠠᠯᠵᠢᠬᠤ ᠶᠢ ᠵᠣᠭᠰᠣᠭᠠᠬᠤ ᠠᠯᠪᠠᠨ ᠵᠠᠷ ᠨᠡᠶᠢᠲᠡᠯᠡᠬᠦ᠂ ᠲᠧᠯᠸᠢᠰ᠂ ᠸᠢᠴᠠᠲ᠂ ᠣᠬᠤᠷ ᠮᠡᠳᠡᠭᠡ᠂ ᠡᠷᠦᠬᠡ ᠳᠤ ᠣᠷᠣᠵᠤ ᠤᠬᠠᠭᠤᠯᠬᠤ᠂ ᠢᠯᠡ ᠺᠠᠷᠲ ᠲᠠᠷᠬᠠᠭᠠᠬᠤ᠂ ᠠᠯᠪᠠᠨ ᠵᠠᠷ ᠨᠠᠭᠠᠬᠤ ᠵᠡᠷᠭᠡ ᠣᠯᠠᠨ ᠵᠦᠶ᠋ᠯ ᠤᠨ ᠠᠷᠭ᠎ᠠ ᠵᠠᠮ ᠢᠶᠠᠷ ᠮᠠᠯᠵᠢᠬᠤ ᠶᠢ ᠵᠣᠭᠰᠣᠭᠠᠬᠤ ᠲᠦᠷᠢᠮ ᠤᠨ ᠤᠬᠠᠭᠤᠯᠭ᠎ᠠ ᠶᠢ ᠥᠷᠨᠢᠭᠦᠯᠵᠦ᠂ ᠡᠷᠦᠬᠡ ᠪᠣᠯᠭᠠᠨ ᠳᠤ ᠮᠡᠳᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠮᠠᠯᠵᠢᠬᠤ ᠦᠶ᠋ᠯᠡ ᠠᠵᠢᠯᠯᠠᠭ᠎ᠠ ᠶᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠨ᠎ᠡ᠃ ᠪᠥᠬᠦ ᠬᠤᠰᠢᠭᠤᠨ ᠤ ᠰᠡᠯᠭᠦᠨ ᠮᠠᠯᠵᠢᠬᠤ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠤᠤᠷ᠎ᠠ 5 ᠰᠤᠮᠤ ᠪᠠᠯᠭᠠᠰᠤᠨ ᠤ ᠰᠡᠯᠭᠦᠨ ᠮᠠᠯᠵᠢᠬᠤ ᠶᠢ ᠴᠠᠭᠠᠵᠠᠯᠠᠬᠤ ᠠᠵᠢᠯ ᠢ ᠠᠬᠢᠭᠤᠯᠬᠤ ᠳᠤᠭᠤᠶᠢᠯᠠᠩ ᠪᠠ ᠰᠡᠯᠭᠦᠨ ᠮᠠᠯᠵᠢᠬᠤ ᠶᠢ ᠴᠠᠭᠠᠵᠠᠯᠠᠬᠤ ᠠᠵᠢᠯ ᠢ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠨᠢᠭᠡᠪᠦᠷᠢ ᠶᠢᠨ ᠳᠤᠤᠷ᠎ᠠ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠ ᠭᠠᠴᠠᠭ᠎ᠠ ᠲᠣᠰᠬᠤᠨ ᠳᠤ ᠰᠡᠯᠭᠦᠨ ᠮᠠᠯᠵᠢᠬᠤ ᠠᠵᠢᠯ ᠤᠨ ᠠᠩᠭᠢ ᠶᠢ ᠪᠠᠶᠢᠭᠤᠯᠵᠤ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠢ ᠪᠥᠬᠦ ᠬᠦᠴᠦᠨ ᠢᠶᠠᠷ ᠳᠥᠯᠭᠢᠨ ᠠᠬᠢᠭᠤᠯᠤᠨ᠎ᠠ᠃    ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠨᠢ ᠬᠡᠳᠦ᠋ᠢᠪᠡᠷ ᠣᠬᠤᠷᠬᠠᠨ 45 ᠡᠳᠦᠷ ᠪᠣᠯᠪᠠᠴᠤ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃    1 . ᠡᠪᠡᠰᠦ ᠪᠣᠷᠳᠤᠭ᠎ᠠ ᠨᠥᠭᠡᠴᠡᠯᠡᠬᠦ ᠶᠢ ᠰᠠᠶᠢᠲᠤᠷ ᠬᠢᠬᠦ ᠬᠡᠷᠡᠭᠲᠡᠶ᠃ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯ ᠣᠨᠤᠭ᠎ᠠ ᠳᠤ ᠪᠣᠷᠳᠤᠭ᠎ᠠ ᠨᠥᠬᠦᠪᠥᠷᠢᠯᠡᠬᠦ ᠪᠠᠷᠢᠮᠵᠢᠶ᠎ᠠ ᠨᠢ ᠡᠳᠦᠷ ᠪᠦᠷᠢ ᠬᠤᠨᠢ ᠨᠢᠭᠡᠪᠦᠷᠢ 1 . 5 ᠺᠢᠯᠣᠭ᠍ᠷᠠᠮ ᠬᠠᠭᠤᠷᠠᠶ ᠡᠪᠡᠰᠦ᠂ 0 . 15 ᠺᠢᠯᠣᠭ᠍ᠷᠠᠮ ᠪᠣᠷᠳᠤᠭ᠎ᠠ᠃ ᠪᠢᠳᠡ ᠮᠠᠯᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠳᠤ ᠬᠡᠷᠡᠭᠰᠡᠬᠦ ᠡᠪᠡᠰᠦ ᠪᠣᠷᠳᠤᠭ᠎ᠠ ᠶᠢ ᠭᠦᠶ᠋ᠴᠡᠳ ᠪᠡᠯᠡᠳᠬᠡᠭᠦᠯᠵᠦ᠂ ᠪᠡᠯᠴᠢᠭᠡᠷ ᠰᠡᠷᠭᠦᠭᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃    2 . ᠮᠠᠯ ᠤᠨ ᠬᠥᠳᠡᠯᠭᠡᠭᠡᠨ ᠤ ᠲᠠᠯᠠᠪᠠᠢ ᠶᠢ ᠰᠠᠶᠢᠲᠤᠷ ᠪᠠᠶᠢᠭᠤᠯᠤᠨ᠎ᠠ᠃ ᠮᠠᠯᠵᠢᠬᠤ ᠡᠷᠦᠬᠡ ᠨᠢ ᠣᠷᠣᠨ ᠰᠠᠭᠤᠴᠠ ᠶᠢᠨ ᠣᠶᠢᠷ᠎ᠠ ᠬᠠᠪᠢ ᠳᠤ ᠪᠠᠨ 20 ᠲᠡᠭᠰᠢ ᠳᠥᠷᠪᠡᠯᠵᠢᠨ ᠮᠧᠲ ᠷ᠊ ︵ᠬᠤᠣᠰ ᠬᠤᠷᠠᠭᠠᠨ ᠡᠮ᠎ᠡ ᠬᠤᠨᠢ 0 . 5 ᠮᠦ︶᠎ ᠤᠨ ᠪᠠᠷᠢᠮᠵᠢᠶ᠎ᠠ ᠪᠠᠷ ᠮᠠᠯ ᠤᠨ ᠠᠵᠢᠯᠯᠠᠭᠠᠨ ᠤ ᠲᠠᠯᠠᠪᠤᠷ ᠭᠠᠷᠭᠠᠵᠤ᠂ ᠠᠵᠢᠯᠯᠠᠭ᠎ᠠ ᠶᠢᠨ ᠲᠠᠯᠠᠪᠤᠷ ᠭᠠᠵᠠᠷ ᠤᠨ ᠣᠷᠣᠨ ᠪᠠᠶᠢᠷᠢ ᠶᠢ ᠮᠠᠯᠵᠢᠬᠤ ᠡᠷᠦᠬᠡ ᠨᠢ ᠣᠷᠣᠨ ᠰᠠᠭᠤᠴᠠ ᠶᠢᠨ ᠣᠶᠢᠷ᠎ᠠ ᠬᠠᠪᠢ ᠳᠤ ᠪᠠᠨ ᠥᠪᠡᠷ ᠲᠡᠭᠡᠨ ᠲᠣᠭᠲᠠᠭᠠᠵᠤ᠂ ᠰᠤᠮᠤ ᠪᠠᠯᠭᠠᠰᠤ ᠨᠢ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠪᠣᠳᠠᠲᠠᠶ ᠲᠠᠯᠠᠪᠠᠶ ᠶᠢ ᠰᠢᠯᠭᠠᠨ ᠠᠪᠴᠤ᠂ ᠤᠰᠤ ᠤᠤᠭᠤᠬᠤ᠂ ᠲᠡᠵᠢᠭᠡᠬᠦ ᠪᠠᠷ ᠰᠢᠯᠲᠠᠭ ᠪᠣᠯᠭᠠᠨ ᠪᠡᠯᠴᠢᠭᠡᠷᠯᠡᠭᠦᠯᠦᠨ ᠰᠤᠯᠠ ᠮᠠᠯᠵᠢᠬᠤ ᠶᠢ ᠴᠢᠩᠭ᠎ᠠ ᠴᠠᠭᠠᠵᠠᠯᠠᠵᠤ᠂ ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠬᠤᠭᠤᠴᠠᠭᠠᠨ ᠳᠤ ᠫᠧᠩ ᠬᠤᠷᠤᠭ᠎ᠠ ᠢᠪᠴᠤᠤ ᠠᠴᠠ ᠪᠣᠯᠵᠤ ᠴᠢᠬᠢᠯᠳᠦᠨ ᠴᠢᠬᠢᠯᠳᠦᠵᠦ᠂ ᠰᠠᠯᠬᠢ ᠨᠡᠪᠲᠡᠷᠡᠬᠦ ᠦᠭᠡᠶ᠂ ᠢᠯᠴᠢ ᠰᠠᠷᠨᠢᠭᠤᠯᠬᠤ ᠵᠥᠷᠢᠶ᠎ᠡ ᠠᠴᠠ ᠪᠣᠯᠵᠤ ᠮᠠᠯ ᠤᠨ ᠬᠡᠪ ᠤᠨ ᠥᠰᠥᠯᠲᠡ ᠪᠤᠶᠢᠵᠢᠯᠲᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠮᠠᠯᠵᠢᠬᠤ ᠡᠷᠦᠬᠡ ᠨᠦᠭᠦᠳ ᠪᠦᠲᠦᠴᠡ ᠨᠢ ᠵᠦᠢ ᠵᠣᠬᠢᠰᠲᠠᠶ᠂ ᠬᠢᠮᠳᠠ ᠪᠥᠭᠡᠳ ᠳᠣᠭᠢᠷᠬᠠᠰᠠᠨ ᠪᠠᠶᠢᠬᠤ ᠵᠠᠷᠴᠢᠮ ᠤᠨ ᠶᠣᠰᠣᠭᠠᠷ᠂ ᠵᠠᠭᠪᠤᠷᠴᠢᠯᠠᠭᠰᠠᠨ ᠲᠡᠵᠢᠭᠡᠨ ᠦᠷᠡᠵᠢᠭᠦᠯᠬᠦ ᠳᠦᠷᠢᠮ ᠪᠣᠯᠤᠨ ᠰᠦᠷᠦᠭ ᠬᠤᠪᠢᠶᠠᠨ ᠠᠷᠠᠴᠢᠯᠠᠨ ᠲᠡᠵᠢᠭᠡᠬᠦ ᠱᠠᠭᠠᠷᠳᠠᠯᠭ᠎ᠠ ᠶᠣᠰᠣᠭᠠᠷ᠂ ᠫᠧᠩ ᠰᠠᠷᠠᠪᠴᠢ ᠪᠠᠨ ᠰᠢᠨᠡᠳᠬᠡᠨ ᠵᠠᠰᠠᠬᠤ ᠪᠠ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠬᠡᠷᠡᠭᠲᠡᠶ᠃    3 . ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠮᠠᠯ ᠡᠮᠨᠡᠯᠭᠡ ᠶᠢᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠬᠢᠵᠢᠭ ᠰᠡᠷᠭᠡᠶᠢᠯᠡᠬᠦ ᠡᠮ ᠢ ᠤᠷᠢᠳᠴᠢᠯᠠᠨ ᠪᠡᠯᠡᠳᠬᠡᠵᠦ᠂ ᠲᠥᠯᠥᠪᠯᠡᠭᠡ ᠲᠠᠢ ᠪᠠᠷ ᠴᠢᠬᠤᠯᠠ ᠪᠦᠬᠦᠢ ᠬᠢᠵᠢᠭ ᠰᠡᠷᠭᠡᠶᠢᠯᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠵᠣᠭᠰᠣᠭᠠᠬᠤ ᠶᠢ ᠬᠡᠷᠡᠭᠵᠢᠭᠦᠯᠬᠦ ᠠᠴᠠ ᠡᠮᠦᠨ᠎ᠡ᠂ ᠬᠥᠮᠦᠨ ᠤ ᠬᠦᠴᠦᠨ᠂ ᠪᠣᠳᠠᠰ ᠤᠨ ᠬᠦᠴᠦᠨ ᠢ ᠵᠣᠬᠢᠶᠠᠨ ᠪᠠᠶᠢᠭᠤᠯᠤᠨ ᠮᠠᠯ ᠳᠤ ᠨᠢᠭᠡ ᠤᠳᠠᠭᠠᠨ ᠤ ᠪᠦᠬᠦ ᠲᠠᠯ᠎ᠠ ᠶᠢᠨ ᠬᠤᠷᠣᠬᠠᠶ ᠬᠥᠭᠡᠭᠡᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠮᠠᠯ ᠤᠨ ᠦᠯᠦ ᠬᠠᠯᠳᠠᠭᠠᠬᠤ ᠲᠠᠷᠢᠯᠭ᠎ᠠ ᠲᠠᠷᠢᠬᠤ ᠪᠠ ᠦᠢᠯᠡᠳᠪᠦᠷᠢᠯᠡᠯ ᠤᠨ ᠲᠠᠯᠠᠪᠠᠶ ᠭᠠᠵᠠᠷ ᠢ ᠠᠷᠢᠭᠤᠳᠬᠠᠵᠤ᠂ ᠮᠠᠯᠵᠢᠬᠤ ᠶᠢ ᠵᠣᠭᠰᠣᠭᠠᠭᠰᠠᠨ ᠬᠤᠭᠤᠴᠠᠭᠠᠨ ᠳᠤ ᠬᠢᠵᠢᠭ ᠡᠪᠡᠳᠴᠢᠨ ᠡᠭᠦᠰᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠪᠡᠯᠴᠢᠭᠡᠷ ᠥᠨᠵᠢᠭᠦᠯᠬᠦ ᠶᠢ ᠬᠡᠷᠡᠭᠵᠢᠭᠦᠯᠵᠦ ᠪᠠᠶᠢᠭ᠎ᠠ ᠮᠠᠯᠵᠢᠬᠤ ᠡᠷᠦᠬᠡ ᠳᠤ ᠪᠡᠯᠴᠢᠭᠡᠷ ᠥᠨᠵᠢᠭᠦᠯᠬᠦ ᠨᠤᠲᠤᠭ ᠪᠡᠯᠴᠢᠭᠡᠷ ᠤᠨ ᠲᠠᠯᠠᠪᠠᠶ ᠪᠠᠷ ᠪᠡᠯᠴᠢᠭᠡᠷ ᠥᠨᠵᠢᠭᠦᠯᠬᠦ ᠨᠥᠬᠦᠪᠥᠷᠢ ᠥᠭᠭᠦᠨ᠎ᠡ᠂ ᠪᠠᠷᠢᠮᠵᠢᠶ᠎ᠠ ᠨᠢ 1 . 125 ᠲᠥᠭᠦᠷᠢᠭ ᠮᠥ᠂ ᠬᠡᠷᠡᠭᠰᠡᠬᠦ ᠪᠠᠯᠠ ᠮᠥᠩᠭᠦ ᠶᠢ ᠠᠶᠢᠮᠠᠭ᠂ ᠬᠤᠰᠢᠭᠤ ᠬᠤᠶᠠᠷ ᠱᠠᠲᠤᠨ ᠠᠴᠠ 4᠄ 6᠎ ᠶᠢᠨ ᠬᠠᠷᠢᠴᠠᠯ ᠢᠶᠠᠷ ᠡᠭᠦᠷᠭᠡᠯᠡᠵᠦ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠠᠨ ᠤ ᠬᠤᠰᠢᠭᠤᠨ ᠤ ᠪᠡᠯᠴᠢᠭᠡᠷ ᠥᠨᠵᠢᠭᠦᠯᠬᠦ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠪᠠ ᠲᠠᠷᠬᠠᠭᠠᠬᠤ ᠠᠵᠢᠯ ᠢ ᠬᠠᠷᠢᠭᠤᠴᠠᠨ᠎ᠠ᠃    1 . ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠠᠢ ᠬᠠᠮᠲᠤᠷᠠᠨ ᠪᠠᠯᠠ ᠮᠥᠩᠭᠦ ᠶᠢ ᠬᠤᠪᠢᠶᠠᠷᠢᠯᠠᠭᠰᠠᠨ ᠪᠠᠶᠢᠳᠠᠯ ᠢ ᠦᠨᠳᠦᠰᠦᠯᠡᠨ᠂ ᠪᠠᠯᠠ ᠮᠥᠩᠭᠦ ᠶᠢᠨ ᠲᠤᠰᠬᠠᠶ ᠲᠠᠩᠰᠠ ᠪᠠᠶᠢᠭᠤᠯᠵᠤ᠂ ᠡᠯ᠎ᠡ ᠵᠦᠶ᠋ᠯ ᠤᠨ ᠪᠠᠯᠠ ᠮᠥᠩᠭᠦ ᠶᠢᠨ ᠨᠠᠷᠢᠨ ᠲᠠᠩᠰᠠ ᠪᠠᠶᠢᠭᠤᠯᠵᠤ᠂ ᠲᠣᠰ ᠲᠣᠰ ᠲᠤᠨᠢ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠬᠡᠷᠡᠭᠯᠡᠨ᠎ᠡ︔ ᠨᠥᠬᠦᠪᠥᠷᠢ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠭᠤᠯᠤᠨ ᠲᠠᠷᠢᠶᠠᠴᠢᠨ ᠮᠠᠯᠴᠢᠳ ᠲᠤ ᠴᠠᠭ ᠲᠤᠬᠠᠶ ᠳᠤᠨᠢ ᠣᠯᠭᠤᠬᠤ ᠶᠢᠨ ᠬᠠᠮᠲᠤ ᠪᠡᠯᠡ ᠮᠥᠩᠭᠦ ᠶᠢᠨ ᠲᠥᠷᠥᠯ ᠵᠦᠢᠯ ᠤᠨ ᠨᠡᠷᠡᠶᠢᠳᠦᠯ ᠢᠶᠠᠨ ᠲᠣᠳᠣᠷᠬᠠᠶᠢᠯᠠᠬᠤ ᠬᠡᠷᠡᠭᠲᠡᠶ᠃    2 . ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ ᠡᠳ ᠤᠨ ᠵᠠᠰᠠᠭ ᠤᠨ ᠰᠠᠯᠠᠭ᠎ᠠ ᠮᠥᠴᠢᠷ ᠤᠳ ︽ᠪᠦᠬᠦᠨ ᠳᠤ ᠲᠣᠬᠢᠷᠠᠬᠤ ᠺᠠᠷᠲ︾᠎ ᠤᠨ ᠰᠢᠰᠲ ᠧᠮ ᠢᠶᠠᠷ ᠳᠠᠮᠵᠢᠭᠤᠯᠤᠨ᠂ ᠨᠥᠬᠦᠪᠥᠷᠢ ᠶᠢᠨ ᠪᠡᠯᠡ ᠮᠥᠩᠭᠦ ᠶᠢ ᠡᠷᠦᠬᠡ ᠳᠤ ᠣᠯᠭᠤᠭᠰᠠᠨ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢᠨ ᠬᠠᠮᠲᠤ ᠲᠤᠰᠬᠠᠶ ᠮᠡᠳᠡᠭᠦᠯᠦᠯᠲᠡ ᠪᠣᠯᠭᠠᠵᠤ᠂ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠡᠪᠲᠡᠷᠡᠭᠦᠯᠬᠦ ᠬᠡᠷᠡᠭᠲᠡᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号