ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ᠄ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠶ | ᠠᠰᠢᠭᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠵᠤ᠂ ᠣᠳᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠦᠨ᠂ ᠠᠵᠤ ᠠᠬᠤᠶ ᠪᠣᠯᠤᠨ | ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠪᠣᠯᠤᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠣᠯᠤᠨ ᠤᠯᠤᠰ ᠤᠨ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠄ ᠲᠤᠰ ᠲᠦᠷᠢᠮ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠭᠡᠳᠡᠭ ᠪᠣᠯ ᠨᠤᠲᠤᠭ | ᠪᠡᠯᠴᠢᠭᠡᠷ ᠤᠨ ᠠᠮᠢ ᠠᠬᠤᠶ ᠶᠢᠨ ᠴᠢᠳᠠᠮᠵᠢ ᠪᠣᠯᠤᠨ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠣᠬᠢᠷᠠᠬᠤ | ᠪᠠᠶᠢᠭᠠᠯᠢ ᠶᠢᠨ ᠨᠤᠲᠤᠭ ᠪᠡᠯᠴᠢᠭᠡᠷ ᠪᠣᠯᠤᠨ ᠲᠠᠷᠢᠮᠠᠯ ᠪᠡᠯᠴᠢᠭᠡᠷ ᠢ ᠵᠢᠭᠠᠵᠤ ᠪᠤᠶ᠃ | ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠨᠤᠲᠤᠭ ᠪᠡᠯᠴᠢᠭᠡᠷ ᠤᠨ ᠲᠥᠯᠥᠪᠵᠢᠭᠦᠯᠭᠡ᠂ ᠬᠠᠮᠠᠭᠠᠯᠠᠯᠲᠠ᠂ ᠪᠥᠲᠥᠭᠡᠨ ᠪᠠᠶᠢᠭᠤᠯᠤᠯᠲᠠ᠂ ᠠᠰᠢᠭᠯᠠᠯᠲᠠ ᠪᠠ | ᠬᠠᠮᠢᠶᠠᠷᠤᠯᠲᠠ ᠶᠢᠨ ᠠᠵᠢᠯᠯᠠᠭ᠎ᠠ ᠬᠢᠬᠦ ᠳᠤ ᠲᠣᠰ ᠲᠦᠷᠢᠮ ᠳᠣᠭᠢᠷᠠᠨ᠎ᠠ᠃ | ᠳᠥᠷᠪᠡᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠲᠤᠭ ᠪᠡᠯᠴᠢᠭᠡᠷ ᠤᠨ | ᠬᠠᠮᠠᠭᠠᠯᠠᠯᠲᠠ᠂ ᠪᠦᠳᠦᠭᠡᠠ ᠪᠠᠶᠢᠭᠤᠯᠤᠯᠲᠠ ᠪᠠ ᠠᠰᠢᠭᠯᠠᠯᠲᠠ ᠶᠢ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠳᠦᠭᠡᠠ ᠪᠠᠶᠢᠭᠤᠯᠤᠯᠲᠠ ᠳᠤ ᠬᠠᠷᠠᠯᠲᠠᠲᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠢ᠃ | ᠲᠠᠪᠤᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠭᠤᠣᠯᠴᠢᠯᠠᠨ ᠬᠠᠮᠢᠶᠠᠷᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠲᠤᠭ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠤᠲᠤᠭ ᠪᠡᠯᠴᠢᠭᠡᠷ ᠤᠨ ᠬᠢᠨᠠᠯᠲᠠ | ᠬᠠᠮᠢᠶᠠᠷᠤᠯᠲᠠ ᠶᠢᠨ ᠪᠣᠳᠠᠲᠠᠶ ᠠᠵᠢᠯ ᠢ ᠬᠠᠤᠯᠢ ᠶᠣᠰᠣᠭᠠᠷ ᠬᠠᠷᠢᠭᠤᠴᠠᠬᠤ ᠬᠡᠷᠡᠭᠲᠡᠶ᠃ ᠰᠤᠮᠤ ᠰᠢᠶᠠᠩ ᠤᠨ | ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠣᠯᠤᠨ ᠠᠰᠢᠭᠯᠠᠯᠲᠠ ᠶᠢᠨ ᠪᠠᠶᠢᠳᠠᠯ ᠳᠤ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭ ᠠᠳᠬᠠᠬᠤ ᠬᠡᠷᠡᠭᠲᠡᠶ᠃ | ᠵᠢᠷᠭᠤᠳᠤᠭᠠᠷ ᠵᠦᠢᠯ᠄ ᠣᠶ ᠰᠢᠭᠤᠶ᠂ ᠤᠰᠤᠨ ᠠᠰᠢᠭᠯᠠᠯᠲᠠ᠂ ᠳᠣᠲᠣᠭᠠᠳᠤ ᠶᠢ ᠬᠠᠮᠠᠭᠠᠯᠠᠬᠤ᠂ ᠠᠵᠤ | ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ | ᠬᠡᠷᠡᠭᠲᠡᠶ᠃ | ᠳᠣᠯᠣᠳᠤᠭᠠᠷ ᠵᠦᠢᠯ ᠄ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠢᠶᠠᠷᠤᠯᠲᠠ᠂ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠵᠦᠢ | ᠵᠣᠬᠢᠰᠲᠠᠶ ᠠᠰᠢᠭᠯᠠᠯᠲᠠ᠂ ᠰᠢᠨᠵᠢᠯᠡᠬᠦ ᠤᠬᠠᠭᠠᠨ ᠤ ᠰᠤᠳᠤᠯᠤᠯ ᠪᠣᠯᠤᠨ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ | ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠱᠠᠩᠨᠠᠬᠤ | ᠬᠡᠷᠡᠭᠲᠡᠶ᠃ | ᠬᠤᠶᠠᠳᠤᠭᠠᠷ ᠪᠦᠯᠦᠭ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ | ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠨᠤᠲᠤᠭ ᠪᠡᠯᠴᠢᠭᠡᠷ ᠪᠣᠯ ᠤᠯᠤᠰ ᠤᠨ ᠥᠮᠴᠢᠯᠡᠯ ᠪᠠ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠠᠵᠢᠯ ᠦᠶ᠋ᠯᠡᠰ ᠤᠨ ᠨᠢᠭᠡᠴᠡ ᠪᠣᠯᠤᠨ ᠴᠡᠷᠢᠭ ᠤᠨ ᠶᠠᠪᠤᠳᠠᠯ ᠳᠤ ᠬᠡᠷᠡᠭᠯᠡᠬᠦ ᠪᠠᠷ ᠬᠤᠪᠢᠶᠠᠷᠢᠯᠠᠨ | ᠰᠠᠯᠭᠠᠵᠤ ᠥᠭᠭᠦᠭᠰᠡᠨ ᠨᠤᠲᠤᠭ ᠪᠡᠯᠴᠢᠭᠡᠷ ᠪᠣᠯ ᠤᠯᠤᠰ ᠤᠨ ᠥᠮᠴᠢᠯᠡᠯ ᠪᠣᠯᠤᠨ᠎ᠠ︔ ᠮᠠᠯᠵᠢᠬᠤ ᠣᠷᠣᠨ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ | ᠪᠣᠯ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠢ | ᠬᠠᠤᠯᠢ ᠶᠣᠰᠣᠭᠠᠷ ᠬᠡᠷᠡᠭᠯᠡᠵᠦ ᠪᠠᠶᠢᠭ᠎ᠠ ᠨᠢ ᠡᠭᠦᠨ ᠳᠤ ᠪᠠᠭᠲᠠᠬᠤ ᠤᠢᠭᠡᠢ᠃ | ᠶᠢᠰᠦᠳᠦᠭᠡᠷ ᠵᠦᠢᠯ᠄ ᠬᠡᠷᠡᠭᠯᠡᠬᠦ ᠡᠷᠬᠡ ᠶᠢ ᠨᠢ ᠨᠢᠭᠡᠨᠲᠡ ᠲᠣᠭᠲᠠᠭᠠᠭᠰᠠᠨ ᠤᠯᠤᠰ ᠤᠨ ᠥᠮᠴᠢᠯᠡᠯᠲᠦ ᠨᠤᠲᠤᠭ | ᠪᠡᠯᠴᠢᠭᠡᠷ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠳᠠᠩᠰᠠᠯᠠᠵᠤ᠂ | ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠶᠢᠨ ᠦᠨᠡᠮᠯᠡᠯ ᠣᠯᠭᠤᠬᠤ ᠬᠡᠷᠡᠭᠲᠡᠶ︔ ᠬᠡᠷᠡᠭᠯᠡᠬᠦ ᠡᠷᠬᠡ ᠶᠢ ᠨᠢ | ᠲᠣᠭᠲᠠᠭᠠᠭᠠᠳᠤᠶ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠠᠴᠠ ᠳᠠᠩᠰᠠᠯᠠᠨ ᠳᠡᠪᠲᠡᠷᠯᠡᠬᠦ ᠶᠢᠨ ᠬᠠᠮᠲᠤ ᠬᠠᠮᠠᠭᠠᠯᠠᠨ ᠬᠠᠮᠢᠶᠠᠷᠬᠤ ᠶᠢ | ᠬᠠᠷᠢᠭᠤᠴᠠᠬᠤ ᠬᠡᠷᠡᠭᠲᠡᠶ᠃ ᠬᠠᠮᠲᠤ ᠶᠢᠨ ᠥᠮᠴᠢᠯᠡᠯ ᠤᠨ ᠨᠤᠲᠤᠭ ᠪᠡᠯᠴᠢᠭᠡᠷ ᠢ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠳᠠᠩᠰᠠᠯᠠᠵᠤ᠂ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢᠨ ᠦᠨᠡᠮᠯᠡᠯ ᠢ | ᠬᠢᠨᠠᠨ ᠣᠯᠭᠤᠵᠤ᠂ ᠥᠮᠴᠢᠯᠡᠬᠦ ᠡᠷᠬᠡ ᠶᠢ ᠨᠢ ᠨᠤᠲᠠᠯᠠᠨ ᠲᠣᠭᠲᠠᠭᠠᠨ᠎ᠠ᠃ ᠨᠤᠲᠤᠭ ᠪᠡᠯᠴᠢᠭᠡᠷ ᠤᠨ ᠡᠷᠬᠡ ᠶᠢᠨ | ᠬᠠᠷᠢᠶᠠᠯᠠᠯ ᠢ ᠬᠠᠤᠯᠢ ᠶᠣᠰᠣᠭᠠᠷ ᠬᠤᠪᠢᠷᠠᠭᠤᠯᠬᠤ ᠳᠤ ᠬᠦᠷᠪᠡᠯ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ | ᠬᠤᠪᠢᠷᠠᠭᠤᠯᠬᠤ ᠲᠡᠩᠰᠡᠯᠡᠯᠳᠠ ᠶᠢᠨ ᠭᠠᠷ ᠭᠦᠢᠴᠡᠳᠬᠡᠯ ᠬᠢᠬᠦ ᠬᠡᠷᠡᠭᠲᠡᠢ᠃ | ᠠᠷᠪᠠᠳᠤᠭᠠᠷ ᠵᠦᠢᠯ᠄ ᠬᠠᠮᠲᠤ ᠶᠢᠨ ᠥᠮᠴᠢᠯᠡᠯ ᠤᠨ ᠨᠤᠲᠤᠭ ᠪᠡᠯᠴᠢᠭᠡᠷ ᠢ ᠲᠤᠰ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠳᠣᠲᠣᠷᠠᠬᠢ ᠭᠡᠷ ᠪᠦᠯᠢ ᠪᠤᠶᠤ ᠬᠤᠯᠪᠣᠭᠠᠯᠠᠭᠰᠠᠨ ᠡᠷᠦᠬᠡ ᠳᠠᠭᠠᠭᠠᠴᠢᠯᠠᠨ ᠡᠵᠡᠩᠨᠡᠨ᠎ᠡ︔ | ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠢ ᠬᠡᠷᠡᠭᠯᠡᠬᠦ ᠡᠷᠬᠡ ᠲᠠᠢ ᠨᠢᠭᠡᠴᠢ ᠠᠴᠠ ᠳᠣᠲᠣᠭᠠᠳᠤ ᠶᠢᠨ | ᠪᠦᠷᠢᠯᠳᠦᠬᠦᠨ ᠳᠡᠭᠡᠨ ᠳᠠᠭᠠᠭᠠᠴᠢᠯᠠᠭᠤᠯᠤᠨ ᠡᠵᠡᠩᠨᠡᠭᠦᠯᠵᠦ ᠪᠣᠯᠤᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠬᠤᠭᠤᠴᠠᠭᠠᠨ ᠳᠤ᠂ ᠣᠨᠴᠠ ᠵᠠᠷᠢᠮ ᠦᠨᠡᠨᠬᠦ ᠵᠣᠬᠢᠰᠲᠠᠶ ᠲᠣᠬᠢᠷᠠᠭᠤᠯᠤᠯᠲᠠ ᠬᠢᠬᠦ ᠴᠢᠬᠤᠯᠠ ᠲᠠᠢ ᠶᠢ ᠨᠢ | ᠡᠷᠬᠡᠪᠰᠢ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤ ᠭᠠᠴᠠᠭ᠎ᠠ | ᠲᠣᠰᠬᠤᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠬᠦᠨ ᠪᠤᠶᠤ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢ ᠪᠠᠷ | ᠵᠥᠪᠰᠢᠶᠡᠷᠡᠭᠦᠯᠬᠦ ᠶᠢᠨ ᠬᠠᠮᠲᠤ ᠰᠤᠮᠤ ᠰᠢᠶᠠᠩ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ᠄ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠬᠡ | ᠲᠡᠭᠰᠢ ᠪᠠᠷ ᠵᠥᠪᠳᠡᠯᠴᠡᠬᠦ᠂ ᠰᠠᠶᠢᠨ ᠳᠤᠷ᠎ᠠ ᠶᠢᠨ ᠪᠠᠶᠢᠬᠤ᠂ ᠲᠥᠯᠥᠪᠦᠷᠢ ᠲᠠᠢ ᠪᠠᠶᠢᠬᠤ ᠵᠠᠷᠴᠢᠮ ᠤᠨ ᠶᠣᠰᠣᠭᠠᠷ | ᠬᠠᠤᠯᠢ ᠶᠣᠰᠣᠭᠠᠷ ᠡᠷᠭᠢᠯᠳᠦᠭᠦᠯᠵᠦ ᠪᠣᠯᠤᠨ᠎ᠠ᠃ ᠳᠠᠭᠠᠭᠠᠴᠢᠯᠠᠨ ᠡᠵᠡᠩᠨᠡᠬᠦ ᠶᠢ ᠬᠡᠷᠡᠭᠵᠢᠭᠦᠯᠦᠭᠡᠳᠦᠶ ᠤᠯᠤᠰ ᠤᠨ | ᠥᠮᠴᠢᠯᠡᠯᠲᠦ ᠨᠤᠲᠤᠭ ᠪᠡᠯᠴᠢᠭᠡᠷ ᠪᠣᠯᠤᠨ ᠬᠠᠮᠲᠤ ᠶᠢᠨ ᠥᠮᠴᠢᠯᠡᠯᠲᠦ ᠨᠤᠲᠤᠭ ᠪᠡᠯᠴᠢᠭᠡᠷ ᠢ ᠡᠷᠭᠢᠯᠳᠦᠭᠦᠯᠵᠦ ᠪᠣᠯᠬᠤ | ᠦᠭᠡᠶ᠃ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠳᠦᠭᠦᠯᠬᠦ ᠳᠡᠭᠡᠨ ᠨᠤᠲᠤᠭ ᠪᠡᠯᠴᠢᠭᠡᠷ ᠤᠨ | ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ ᠰᠢᠨᠵᠢ ᠴᠢᠨᠠᠷ ᠪᠣᠯᠤᠨ ᠨᠤᠲᠤᠭ ᠪᠡᠯᠴᠢᠭᠡᠷ ᠤᠨ ᠬᠡᠷᠡᠭᠯᠡᠮᠵᠢ ᠶᠢ | ᠬᠤᠪᠢᠷᠠᠭᠤᠯᠬᠤ ᠦᠭᠡᠶ ᠪᠠᠶᠢᠬᠤ ᠵᠡᠷᠭᠡ ᠨᠥᠬᠦᠴᠡᠯ ᠳᠤ ᠨᠡᠶᠢᠴᠡᠭᠦᠯᠦᠭᠰᠡᠨ ᠪᠠᠶᠢᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ᠄ ᠬᠠᠤᠯᠢ ᠶᠣᠰᠣᠭᠠᠷ ᠳᠠᠩᠰᠠᠯᠠᠭᠤᠯᠤᠭᠰᠠᠨ ᠨᠤᠲᠤᠭ ᠪᠡᠯᠴᠢᠭᠡᠷ ᠤᠨ | ᠥᠮᠴᠢᠯᠡᠬᠦ ᠡᠷᠬᠡ᠂ ᠬᠡᠷᠡᠭᠯᠡᠬᠦ ᠡᠷᠬᠡ ᠪᠣᠯᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠴᠠᠭᠠᠵᠠ ᠪᠠᠷ ᠬᠠᠮᠠᠭᠠᠯᠠᠨ᠎ᠠ᠂ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠠᠯᠳᠠᠵᠤ ᠪᠣᠯᠬᠤ ᠥᠬᠡᠶ᠃ ᠶᠠᠮᠠᠷᠪᠠ ᠨᠢᠭᠡᠴᠢ ᠪᠠ ᠬᠤᠪᠢ | ᠬᠥᠮᠦᠨ ᠨᠤᠲᠤᠭ ᠪᠡᠯᠴᠢᠭᠡᠷ ᠢ ᠡᠵᠡᠯᠡᠬᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ ᠪᠤᠰᠤ ᠪᠠᠷ | ᠰᠢᠯᠵᠢᠭᠦᠯᠦᠨ ᠥᠭᠴᠦ ᠪᠣᠯᠬᠤ ᠤᠢᠭᠡᠢ᠃ | ᠠᠷᠪᠠᠨ ᠭᠤᠷᠪᠠᠳᠤᠭᠠᠷ ᠵᠦᠢᠯ᠄ ᠨᠤᠲᠤᠭ ᠪᠡᠯᠴᠢᠭᠡᠷ ᠤᠨ ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ | ᠮᠠᠷᠭᠤᠯᠳᠤᠭᠠᠨ ᠢ ᠲᠤᠬᠠᠶᠢᠲᠠᠶ ᠬᠥᠮᠦᠨ ᠵᠥᠪᠳᠡᠯᠴᠡᠨ ᠰᠢᠶ᠋ᠳᠪᠦᠷᠢᠯᠡᠨ᠎ᠡ︔ ᠵᠥᠪᠳᠡᠯᠴᠡᠭᠡᠳ ᠪᠦᠲᠦᠭᠰᠡᠨ ᠦᠭᠡᠢ | ᠪᠠᠶᠢᠪᠠᠯ᠂ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ︔ ᠲᠤᠬᠠᠢ ᠶᠢᠨ | ᠬᠥᠮᠦᠨ ᠨᠢ ᠰᠢᠢᠳᠪᠦᠷᠢᠯᠡᠭᠰᠡᠨ ᠲᠣᠭᠲᠠᠭᠠᠯ ᠢ ᠵᠥᠪᠰᠢᠶᠡᠷᠡᠬᠦ ᠤᠢᠭᠡᠢ ᠪᠣᠯ ᠬᠠᠤᠯᠢ ᠶᠣᠰᠣᠭᠠᠷ ᠠᠷᠠᠳ ᠤᠨ ᠰᠢᠭᠦᠬᠦ | ᠬᠤᠷᠢᠶᠠᠨ ᠳᠤ ᠵᠡᠭᠠᠯᠳᠦᠵᠦ ᠪᠣᠯᠤᠨ᠎ᠠ᠃ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠶᠢᠨ ᠮᠠᠷᠭᠤᠯᠳᠤᠭᠠᠨ ᠢ | ᠰᠢᠶ᠋ᠳᠪᠦᠷᠢᠯᠡᠬᠦ ᠠᠴᠠ ᠡᠮᠦᠨ᠎ᠡ᠂ ᠮᠠᠷᠭᠤᠯᠳᠤᠭᠠᠨ ᠲᠠᠢ ᠭᠠᠵᠠᠷ ᠣᠷᠣᠨ ᠳᠤ ᠰᠠᠭᠤᠭᠠᠯᠢ ᠠᠷᠠᠳ ᠨᠡᠭᠦᠵᠦ ᠣᠷᠣᠬᠤ | ᠵᠡᠷᠭᠡ ᠠᠵᠢᠯᠯᠠᠭ᠎ᠠ ᠶᠢ ᠬᠢᠵᠦ ᠪᠣᠯᠬᠤ ᠦᠭᠡᠶ᠃ | ᠭᠤᠷᠪᠠᠳᠤᠭᠠᠷ ᠪᠦᠯᠦᠭ ᠨᠤᠲᠤᠭ ᠪᠡᠯᠴᠢᠭᠡᠷ ᠤᠨ ᠲᠥᠯᠥᠪᠵᠢᠭᠦᠯᠭᠡ | ᠠᠷᠪᠠᠨ ᠳᠥᠷᠪᠡᠳᠦᠭᠡᠷ ᠵᠦᠶ᠋ᠯ᠄ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ᠂ | ᠪᠥᠲᠥᠭᠡᠨ ᠪᠠᠶᠢᠭᠤᠯᠤᠯᠲᠠ᠂ ᠠᠰᠢᠭᠯᠠᠯᠲᠠ ᠳᠤ ᠲᠥᠯᠥᠪᠵᠢᠭᠦᠯᠭᠡ ᠶᠢᠨ ᠲᠦᠷᠢᠮ ᠢ ᠬᠡᠷᠡᠭᠵᠢᠭᠦᠯᠦᠨ᠎ᠡ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ᠂ ᠳᠡᠭᠡᠷ᠎ᠡ ᠨᠢᠭᠡ ᠱᠠᠲᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠥᠲᠥᠭᠡᠨ | ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ | ᠣᠷᠣᠨ ᠤ ᠪᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠥᠲᠥᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ | ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠵᠥᠪᠰᠢᠶᠡᠷᠡᠭᠦᠯᠦᠭᠰᠡᠨ ᠨᠤᠲᠤᠭ | ᠪᠡᠯᠴᠢᠭᠡᠷ ᠤᠨ ᠬᠠᠮᠠᠭᠠᠯᠠᠯᠲᠠ᠂ ᠪᠦᠳᠦᠭᠡᠠ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠳᠤ ᠦᠨᠡᠬᠡᠷ | ᠲᠤᠬᠢᠷᠡᠭᠤᠯᠦᠯᠳᠠ ᠬᠢᠬᠦ ᠪᠤᠶᠤ ᠵᠠᠰᠠᠪᠤᠷᠢ ᠣᠷᠣᠭᠤᠯᠬᠤ ᠴᠢᠬᠤᠯᠠᠲᠠᠢ ᠪᠣᠯ ᠡᠷᠬᠡᠪᠰᠢ ᠤᠤᠯ ᠤᠨ ᠵᠥᠪᠰᠢᠶᠡᠷᠡᠭᠰᠡᠨ | ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ | ᠪᠠᠶᠢᠴᠠᠭᠠᠯᠲᠠ ᠶᠢᠨ ᠲᠦᠷᠢᠮ ᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠪᠤᠨ ᠵᠢᠯ ᠪᠦᠷᠢ ᠳᠤ | ᠨᠢᠭᠡ ᠤᠳᠠᠭ᠎ᠠ ᠨᠤᠲᠤᠭ ᠪᠡᠯᠴᠢᠭᠡᠷ ᠤᠨ ᠪᠠᠶᠢᠴᠠᠭᠠᠯᠲᠠ ᠬᠢᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠩᠰᠠ ᠡᠪᠬᠡᠮᠡᠯ ᠪᠣᠯᠤᠨ ᠳ᠋᠊ | ᠠᠶᠢᠲ ᠠ ᠬᠥᠮᠥᠷᠭᠡ ᠪᠠᠶᠢᠭᠤᠯᠬᠤ ᠶᠢᠨ ᠬᠠᠮᠲᠤ ᠨᠤᠲᠤᠭ ᠪᠡᠯᠴᠢᠭᠡᠷ ᠤᠨ ᠵᠡᠷᠭᠡ ᠳᠡᠰ ᠢ ᠦᠨᠡᠯᠡᠨ ᠲᠣᠭᠲᠠᠭᠠᠬᠤ | ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ ᠲᠤᠭ᠎ᠠ | ᠪᠦᠷᠢᠳᠬᠡᠯ ᠤᠨ ᠳᠦᠷᠢᠮ ᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠠᠳᠠᠯᠢ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠶᠢ ᠬᠠᠮᠲᠤ ᠪᠠᠷ ᠲᠣᠭᠲᠠᠭᠠᠵᠤ᠂ ᠨᠤᠲᠤᠭ ᠪᠡᠯᠴᠢᠭᠡᠷ ᠤᠨ ᠲᠠᠯᠠᠪᠠᠶ᠂ | ᠵᠡᠷᠭᠡ ᠳᠡᠰ᠂ ᠡᠪᠡᠰᠦᠨ ᠤ ᠭᠠᠷᠤᠯᠲᠠ ᠶᠢᠨ ᠬᠡᠮᠵᠢᠶ᠎ᠡ᠂ ᠮᠠᠯ ᠤᠨ ᠪᠠᠭᠲᠠᠭᠠᠮᠵᠢ ᠶᠢᠨ ᠬᠡᠮᠵᠢᠶ᠎ᠡ ᠵᠢᠴᠢ ᠨᠤᠲᠤᠭ | ᠪᠡᠯᠴᠢᠭᠡᠷ ᠤᠨ ᠪᠦᠲᠦᠭᠡᠨ ᠪᠠᠶᠢᠭᠤᠯᠤᠯᠲᠠ ᠵᠡᠷᠭᠡ ᠳᠤ ᠬᠠᠤᠯᠢ ᠶᠣᠰᠣᠭᠠᠷ ᠲᠤᠭ᠎ᠠ ᠪᠦᠷᠢᠳᠬᠡᠯ ᠬᠢᠵᠦ᠂ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠠᠴᠠ ᠵᠢᠯ ᠪᠦᠷᠢ ᠨᠤᠲᠤᠭ ᠪᠡᠯᠴᠢᠭᠡᠷ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ | ᠨᠡᠶᠢᠲᠡᠯᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ | ᠦᠶ᠋ᠯᠡᠳᠪᠦᠷᠢᠯᠡᠯ ᠪᠠ ᠠᠮᠢ ᠠᠬᠤᠶ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠵᠢᠴᠢ | ᠨᠤᠲᠤᠭ ᠪᠡᠯᠴᠢᠭᠡᠷ ᠤᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠶᠢᠨ ᠦᠷ᠎ᠡ ᠠᠰᠢᠭ ᠲᠤ ᠬᠥᠳᠡᠯᠦᠩᠭᠦᠶ | ᠬᠢᠨᠠᠨ ᠬᠡᠮᠵᠢᠬᠦ ᠶᠢ ᠬᠡᠷᠡᠭᠵᠢᠭᠦᠯᠵᠦ᠂ ᠲᠣᠰ ᠱᠠᠲᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠤ ᠬᠥᠳᠡᠯᠦᠩᠭᠦᠶ ᠬᠢᠨᠠᠨ ᠬᠡᠮᠵᠢᠬᠦ ᠪᠠ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠶ᠋ᠯᠡᠴᠢᠯᠡᠭᠡ ᠶᠢ ᠴᠠᠭ | ᠲᠤᠬᠠᠶ ᠳᠤᠨᠢ ᠬᠠᠩᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠵᠣᠬᠢᠴᠠᠩᠭᠤᠶ | ᠰᠡᠷᠭᠡᠶᠢᠯᠡᠬᠦ ᠪᠠ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠳᠥᠷᠪᠡᠳᠦᠭᠡᠷ ᠪᠦᠯᠦᠭ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ | ᠠᠷᠪᠠᠨ ᠨᠠᠢᠮᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠨᠤᠲᠤᠭ | ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠨᠢᠭᠡᠴᠡ ᠪᠠ ᠬᠤᠪᠢ ᠬᠥᠮᠦᠨ ᠤ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠬᠤ ᠳᠤ ᠪᠡᠯᠡ | ᠣᠷᠣᠭᠤᠯᠬᠤ ᠶᠢ ᠵᠣᠷᠢᠭᠵᠢᠭᠤᠯᠵᠤ᠂ ᠬᠡᠨ ᠪᠡᠯᠡ ᠣᠷᠣᠭᠤᠯᠤᠭᠰᠠᠨ ᠪᠣᠯ ᠲᠡᠷᠡ ᠠᠰᠢᠭ ᠬᠦᠷᠲᠡᠬᠦ ᠵᠠᠷᠴᠢᠮ ᠤᠨ | ᠶᠣᠰᠣᠭᠠᠷ ᠨᠤᠲᠤᠭ ᠪᠡᠯᠴᠢᠭᠡᠷ ᠲᠤ ᠪᠡᠯᠡ ᠣᠷᠣᠭᠤᠯᠵᠤ ᠪᠦᠲᠦᠭᠡᠨ ᠪᠠᠶᠢᠭᠤᠯᠤᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠢᠭᠡᠴᠡ ᠪᠠ | ᠬᠤᠪᠢ ᠬᠥᠮᠦᠨ ᠤ ᠬᠦᠴᠦ ᠪᠠᠷ ᠡᠪᠡᠰᠦ ᠲᠠᠷᠢᠬᠤ ᠪᠦᠲᠦᠭᠡᠨ ᠪᠠᠶᠢᠭᠤᠯᠤᠯᠲᠠ ᠵᠡᠷᠭᠡ ᠠᠮᠢᠳᠤᠷᠠᠯ ᠦᠢᠯᠡᠳᠪᠦᠷᠢᠯᠡᠯ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠬᠤ | ᠬᠡᠷᠡᠭᠲᠡᠶ᠃ ᠲᠠᠷᠢᠶᠠᠴᠢᠨ ᠮᠠᠯᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠭᠠᠯᠪᠤᠷᠢᠯᠠᠬᠤ | ᠦᠭᠡᠶ ᠪᠠᠷ ᠨᠥᠬᠦᠵᠦ ᠲᠠᠷᠢᠬᠤ᠂ ᠰᠠᠴᠤᠵᠤ ᠲᠠᠷᠢᠬᠤ ᠪᠤᠶᠤ ᠨᠢᠰᠬᠡᠯ ᠢᠶᠠᠷ ᠲᠠᠷᠢᠬᠤ ᠵᠡᠷᠭᠡ ᠨᠤᠲᠤᠭ ᠪᠡᠯᠴᠢᠭᠡᠷ ᠤᠨ | ᠤᠤᠯ ᠤᠷᠭᠤᠮᠠᠯ ᠤᠨ ᠪᠦᠷᠬᠦᠴᠡ ᠶᠢ ᠡᠪᠳᠡᠬᠦ ᠦᠭᠡᠶ ᠠᠷᠭ᠎ᠠ ᠮᠠᠶ ᠢᠭ ᠢ ᠠᠪᠴᠤ ᠨᠤᠲᠤᠭ ᠪᠡᠯᠴᠢᠭᠡᠷ ᠢ ᠪᠦᠲᠦᠭᠡᠨ | ᠪᠠᠶᠢᠭᠤᠯᠬᠤ ᠬᠡᠷᠡᠭᠲᠡᠶ᠃ | ᠬᠤᠷᠢᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ | ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠶᠢᠨ ᠶᠣᠰᠣᠭᠠᠷ | ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠰᠠᠶᠢᠨ | ᠲᠡᠵᠢᠭᠡᠯ ᠡᠪᠡᠰᠦᠨ ᠤ ᠲᠥᠷᠥᠯ ᠵᠦᠢᠯ ᠢ ᠰᠣᠩᠭᠤᠨ ᠪᠤᠶᠢᠵᠢᠭᠤᠯᠬᠤ᠂ ᠣᠷᠣᠭᠤᠯᠵᠤ ᠢᠷᠡᠬᠦ ᠶᠢ ᠵᠣᠷᠢᠭᠵᠢᠭᠤᠯᠬᠤ | ᠬᠡᠷᠡᠭᠲᠡᠶ᠃ ᠡᠪᠡᠰᠦᠨ ᠦᠷ᠎ᠡ ᠦᠢᠯᠡᠳᠪᠦᠷᠢᠯᠡᠬᠦ᠂ ᠡᠳᠰᠢᠭᠦᠯᠬᠦ᠂ ᠰᠢᠯᠭᠠᠨ ᠪᠠᠶᠢᠴᠠᠭᠠᠬᠤ᠂ ᠬᠢᠵᠢᠭ ᠪᠠᠶᠢᠴᠠᠭᠠᠬᠤ ᠳᠤ | ᠤᠯᠤᠰ᠂ ᠠᠵᠢᠯ ᠲᠥᠷᠥᠯ ᠪᠣᠯᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ | ᠪᠣᠯᠤᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠣᠨ ᠣᠷᠳᠣᠨ ᠨᠤᠲᠤᠭ ᠪᠡᠯᠴᠢᠭᠡᠷ ᠤᠨ | ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠪᠡ ᠶᠣᠰᠣᠭᠠᠷ᠂ ᠲᠠᠴᠢᠷᠳᠠᠯ᠂ | ᠡᠯᠡᠰᠦᠷᠬᠡᠭᠵᠢᠯ ᠵᠡᠷᠭᠡ ᠨᠤᠲᠤᠭ ᠪᠡᠯᠴᠢᠭᠡᠷ ᠢ ᠵᠠᠰᠠᠯᠲᠠ ᠶᠢᠨ ᠣᠷᠣᠨ ᠢᠶᠠᠷ ᠲᠣᠭᠲᠠᠭᠠᠵᠤ᠂ ᠲᠤᠰᠬᠠᠢ ᠵᠠᠰᠠᠯᠲᠠ ᠶᠢ | ᠵᠣᠬᠢᠶᠠᠨ ᠪᠠᠶᠢᠭᠤᠯᠬᠤ ᠬᠡᠷᠡᠭᠲᠡᠢ᠃ ᠮᠠᠯᠵᠢᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠨᠤᠲᠤᠭ | ᠪᠡᠯᠴᠢᠭᠡᠷ ᠢ ᠶᠡᠷᠦᠩᠬᠡᠶᠢᠯᠡᠨ ᠵᠠᠰᠠᠬᠤ ᠶᠠᠪᠤᠳᠠᠯ ᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢ | ᠡᠮᠬᠢᠯᠡᠨ ᠵᠠᠰᠠᠬᠤ ᠲᠥᠯᠥᠪᠯᠡᠭᠡ ᠳᠤ ᠣᠷᠣᠭᠤᠯᠤᠨ᠎ᠠ᠃ | ᠬᠤᠷᠢᠨ ᠬᠤᠶᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠥᠲᠥᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠲᠣᠰ ᠱᠠᠲᠤᠨ ᠤ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠡᠭᠡᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠬᠥᠮᠦᠨ ᠤ | ᠬᠦᠴᠦ ᠪᠠᠷ ᠡᠪᠡᠰᠦ ᠳᠠᠷᠢᠬᠤ ᠪᠠ ᠡᠪᠡᠰᠦᠨ ᠦᠷ᠎ᠡ ᠶᠢᠨ ᠦᠶ᠋ᠯᠡᠳᠪᠦᠷᠢᠯᠡᠯ ᠳᠤ ᠬᠡᠷᠡᠭᠯᠡᠬᠦ ᠪᠠᠯᠠ ᠮᠥᠩᠭᠦ ᠶᠢ | ᠳᠣᠭᠢᠷᠠᠭᠤᠯᠬᠤ ᠬᠡᠷᠡᠭᠲᠡᠶ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠳᠤᠮᠳᠠ ᠠᠴᠠ ᠨᠢ ᠲᠠᠰᠤᠳᠠᠨ ᠦᠯᠡᠳᠡᠭᠡᠵᠦ᠂ | ᠨᠡᠭᠦᠯᠭᠡᠨ ᠬᠡᠷᠡᠭᠯᠡᠵᠦ ᠪᠣᠯᠬᠤ ᠥᠬᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠬᠢᠨᠠᠨ ᠪᠣᠳᠣᠬᠤ ᠰᠠᠯᠠᠭ᠎ᠠ ᠮᠥᠴᠢᠷ ᠤᠳ ᠬᠠᠮᠢᠶᠠᠷᠤᠯᠲᠠ | ᠪᠣᠯᠤᠨ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ | ᠲᠠᠪᠤᠳᠤᠭᠠᠷ ᠪᠦᠯᠦᠭ ᠨᠤᠲᠤᠭ ᠪᠡᠯᠴᠢᠭᠡᠷ ᠢ ᠠᠰᠢᠭᠯᠠᠬᠤ᠃ | ᠬᠤᠷᠢᠨ ᠭᠤᠷᠪᠠᠳᠤᠭᠠᠷ ᠵᠦᠢᠯ᠄ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠠᠴᠠ ᠨᠤᠲᠤᠭ | ᠪᠡᠯᠴᠢᠭᠡᠷ ᠢ ᠵᠦᠶ ᠵᠣᠬᠢᠰᠲᠠᠶ ᠠᠰᠢᠭᠯᠠᠬᠤ ᠡᠭᠦᠷᠭᠡ ᠶᠢ ᠭᠦᠶ᠋ᠴᠡᠳᠬᠡᠵᠦ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠠᠴᠠ | ᠬᠡᠲᠦᠷᠡᠭᠦᠯᠵᠦ ᠪᠣᠯᠬᠤ ᠥᠬᠡᠶ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠪᠡᠯᠴᠢᠭᠡᠷ ᠤᠨ | ᠲᠡᠩᠴᠡᠭᠦᠷᠢ ᠶᠢ ᠪᠠᠲᠤᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ᠄ ᠨᠤᠲᠤᠭ ᠪᠡᠯᠴᠢᠭᠡᠷ ᠳᠡᠭᠡᠷ᠎ᠡ ᠠᠴᠠ ᠰᠢᠬᠢᠷ ᠡᠪᠡᠰᠦ ᠵᠡᠷᠭᠡ ᠬᠡᠭᠡᠷ᠎ᠡ ᠶᠢᠨ | ᠤᠷᠭᠤᠮᠠᠯ ᠢ ᠲᠡᠭᠦᠬᠦ ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ | ᠵᠢᠷᠤᠮᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ᠄ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠣᠯᠠᠨ ᠨᠡᠶᠢᠲᠡ ᠶᠢᠨ | ᠠᠰᠢᠭ ᠲᠤᠰᠠ ᠶᠢᠨ ᠬᠡᠷᠡᠭᠴᠡᠭᠡ ᠶᠢᠨ ᠲᠥᠯᠥᠭᠡ᠂ ᠬᠠᠤᠯᠢ ᠶᠣᠰᠣᠭᠠᠷ ᠨᠤᠲᠤᠭ ᠪᠡᠯᠴᠢᠭᠡᠷ ᠢ ᠲᠠᠲᠠᠪᠤᠷᠢᠯᠠᠬᠤ ᠪᠤᠶᠤ | ᠲᠠᠲᠠᠪᠤᠷᠢᠯᠠᠨ ᠬᠡᠷᠡᠭᠯᠡᠬᠦ ᠳᠤ ᠨᠤᠲᠤᠭ ᠪᠡᠯᠴᠢᠭᠡᠷ ᠤᠨ ᠨᠥᠬᠦᠪᠥᠷᠢ ᠰᠦᠢᠳᠬᠡᠯ᠂ ᠲᠥᠪᠬᠢᠨᠡᠭᠦᠯᠬᠦ ᠨᠥᠬᠦᠪᠥᠷᠢ | ᠰᠦᠢᠳᠬᠡᠯ ᠪᠣᠯᠤᠨ ᠳᠠᠭᠠᠯᠲᠠ ᠡᠳ ᠤᠨ ᠨᠥᠬᠦᠪᠥᠷᠢ ᠰᠦᠢᠳᠬᠡᠯ ᠥᠭᠬᠦ ᠬᠡᠷᠡᠭᠲᠡᠶ᠃ ᠬᠠᠤᠯᠢ ᠶᠣᠰᠣᠭᠠᠷ ᠨᠤᠲᠤᠭ | ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠰᠦᠢᠳᠬᠡᠯ ᠲᠤᠰᠢᠶᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ᠄ ᠨᠤᠲᠤᠭ ᠪᠡᠯᠴᠢᠭᠡᠷ ᠳᠡᠭᠡᠷ᠎ᠡ ᠬᠠᠶᠢᠨ ᠰᠢᠨᠵᠢᠯᠡᠯᠲᠡ ᠬᠢᠬᠦ ᠳᠤ ᠨᠤᠲᠤᠭ | ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠣᠯ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠴᠢ ᠠᠴᠠ | ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠪᠠᠨ ᠦᠨᠳᠦᠰᠦᠯᠡᠨ ᠨᠤᠲᠤᠭ ᠪᠡᠯᠴᠢᠭᠡᠷ ᠤᠨ ᠥᠮᠴᠢᠯᠡᠬᠦ ᠡᠷᠬᠡ ᠪᠤᠶᠤ | ᠬᠡᠷᠡᠭᠯᠡᠬᠦ ᠡᠷᠬᠡ ᠲᠠᠢ ᠨᠢᠭᠡᠴᠡ ᠵᠢᠴᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠶᠢᠨ ᠵᠥᠪᠰᠢᠶᠡᠷᠡᠯ ᠢ ᠣᠯᠵᠤ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠨᠢᠭᠡᠴᠡ ᠠᠴᠠ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠬᠡᠷᠡᠭᠲᠡᠶ᠃ ᠨᠤᠲᠤᠭ ᠪᠡᠯᠴᠢᠭᠡᠷ ᠢ ᠲᠦᠷ | ᠴᠠᠭ ᠡᠵᠡᠯᠡᠨ ᠬᠡᠷᠡᠭᠯᠡᠬᠦ ᠬᠤᠭᠤᠴᠠᠭ᠎ᠠ ᠬᠢᠵᠠᠭᠠᠷ ᠢ ᠬᠤᠶᠠᠷ ᠵᠢᠯ ᠠᠴᠠ ᠬᠡᠲᠦᠷᠡᠭᠦᠯᠵᠦ ᠪᠣᠯᠬᠤ ᠦᠭᠡᠶ᠂ ᠲᠦᠷ ᠴᠠᠭ | ᠡᠵᠡᠯᠡᠨ ᠬᠡᠷᠡᠭᠯᠡᠬᠦ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠶ ᠪᠠᠷᠢᠯᠭ᠎ᠠ ᠪᠠᠷᠢᠵᠤ ᠪᠣᠯᠬᠤ ᠦᠭᠡᠶ᠃ | ᠬᠤᠷᠢᠨ ᠳᠣᠯᠣᠳᠤᠭᠠᠷ ᠵᠦᠢᠯ᠄ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠤᠨ ᠮᠠᠯ | ᠠᠵᠤ ᠠᠬᠤᠶ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠬᠤ ᠳᠤ | ᠠᠷᠪᠠᠨ ᠮᠦ ᠠᠴᠠ ᠳᠣᠷᠣᠭᠰᠢ ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠ ᠲᠠᠢ ᠪᠣᠯ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ︔ ᠠᠷᠪᠠᠨ ᠮᠦ ᠠᠴᠠ ᠳᠡᠭᠡᠭᠰᠢ ᠵᠠᠭᠤᠨ ᠮᠦ ᠠᠴᠠ ᠳᠣᠷᠣᠭᠰᠢ ᠪᠣᠯ | ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠨ᠎ᠡ︔ ᠵᠠᠭᠤᠨ ᠮᠦ ᠠᠴᠠ | ᠳᠡᠭᠡᠭᠰᠢᠬᠢ ᠶᠢ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠨ᠎ᠡ᠃ | ᠵᠢᠷᠭᠤᠳᠤᠭᠠᠷ ᠪᠦᠯᠦᠭ ᠨᠤᠲᠤᠭ ᠪᠡᠯᠴᠢᠭᠡᠷ ᠤᠨ ᠬᠠᠮᠠᠭᠠᠯᠠᠯᠲᠠ | ᠬᠤᠷᠢᠨ ᠨᠠᠢᠮᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠨᠤᠭᠤᠳ ᠳᠤᠤᠷᠠᠬᠢ ᠨᠤᠲᠤᠭ ᠪᠡᠯᠴᠢᠭᠡᠷ ᠢ ᠦᠨᠳᠦᠰᠦᠨ ᠨᠤᠲᠤᠭ ᠪᠡᠯᠴᠢᠭᠡᠷ ᠢᠶᠠᠷ | ᠵᠠᠭᠠᠭᠯᠠᠨ ᠲᠣᠭᠲᠠᠭᠠᠬᠤ ᠬᠡᠷᠡᠭᠲᠡᠶ᠄ ᠠᠭᠤᠷ ᠠᠮᠢᠰᠬᠤᠯ ᠢ ᠲᠣᠬᠢᠷᠠᠭᠤᠯᠬᠤ ᠵᠡᠷᠭᠡ ᠣᠨᠴᠣᠭᠤᠶ ᠠᠮᠢ ᠠᠬᠤᠶ ᠶᠢᠨ | ᠴᠢᠳᠠᠮᠵᠢ ᠲᠠᠢ ᠨᠤᠲᠤᠭ ᠪᠡᠯᠴᠢᠭᠡᠷ︔ ᠴᠢᠬᠤᠯᠠ ᠪᠡᠯᠴᠢᠭᠡᠷ︔ ᠬᠠᠳᠤᠯᠠᠩ︔ ᠮᠠᠯ ᠠᠵᠤ ᠠᠬᠤᠶ ᠶᠢᠨ | ᠦᠶ᠋ᠯᠡᠳᠪᠦᠷᠢᠯᠡᠯ ᠳᠤ ᠬᠡᠷᠡᠭᠯᠡᠬᠦ ᠲᠠᠷᠢᠮᠠᠯ ᠪᠡᠯᠴᠢᠭᠡᠷ ᠵᠡᠷᠭᠡ︔ ᠤᠯᠤᠰ ᠪᠠ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠴᠢᠨ | ᠲᠣᠭᠤᠷᠢᠨ ᠤ ᠨᠤᠲᠤᠭ ᠪᠡᠯᠴᠢᠭᠡᠷ︔ ᠨᠤᠲᠤᠭ ᠪᠡᠯᠴᠢᠭᠡᠷ ᠤᠨ ᠡᠷᠳᠡᠮ ᠰᠢᠨᠵᠢᠯᠡᠭᠡᠨ᠂ ᠵᠢᠭᠠᠨ ᠰᠤᠷᠭᠠᠯᠲᠠ ᠶᠢᠨ | ᠲᠤᠷᠰᠢᠯᠲᠠ ᠶᠢᠨ ᠰᠠᠭᠤᠷᠢᠨ ᠭᠠᠵᠠᠷ︔ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ | ᠦᠨᠳᠦᠰᠦᠨ ᠨᠤᠲᠤᠭ ᠪᠡᠯᠴᠢᠭᠡᠷ ᠲᠤ ᠣᠷᠣᠭᠤᠯᠬᠤ ᠶᠣᠰᠣᠲᠠᠶ ᠪᠤᠰᠤᠳ ᠨᠤᠲᠤᠭ ᠪᠡᠯᠴᠢᠭᠡᠷ᠃ | ᠬᠤᠷᠢ ᠶᠢᠰᠦᠳᠦᠭᠡᠷ ᠵᠦᠢᠯ᠄ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠲᠠᠷ ᠬᠠᠭᠠᠯᠪᠤᠷᠢᠯᠠᠬᠤ᠂ | ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠵᠡᠷᠭᠡ ᠠᠵᠢᠯᠯᠠᠭ᠎ᠠ ᠶᠢ ᠴᠠᠭᠠᠵᠠᠯᠠᠨ᠎ᠠ᠃ | ᠭᠤᠴᠢᠳᠤᠭᠠᠷ ᠵᠦᠢᠯ᠄ ᠠᠶᠤᠯ ᠭᠠᠮᠰᠢᠭ ᠠᠴᠠ ᠠᠪᠤᠷᠠᠬᠤ ᠪᠠ ᠮᠠᠯᠴᠢᠳ ᠤᠨ ᠨᠡᠭᠦᠳᠡᠯᠯᠡᠬᠦ ᠮᠠᠰᠢᠨ ᠲᠡᠷᠭᠡ ᠶᠢ | ᠭᠠᠷᠭᠠᠪᠠᠯ᠂ ᠮᠠᠰᠢᠨ ᠲᠡᠷᠭᠡ ᠵᠠᠮ ᠠᠴᠠ ᠰᠠᠯᠵᠤ ᠦᠨᠳᠦᠰᠦᠨ ᠨᠤᠲᠤᠭ ᠪᠡᠯᠴᠢᠭᠡᠷ ᠳᠡᠭᠡᠷ᠎ᠡ ᠶᠠᠪᠤᠵᠤ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠡᠪᠳᠡᠬᠦ ᠶᠢ ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠯᠲᠡ ᠬᠢᠬᠦ ᠵᠡᠷᠭᠡ ᠠᠵᠢᠯᠯᠠᠭ᠎ᠠ ᠠᠴᠠ ᠪᠣᠯᠵᠤ ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠭᠡᠷ ᠳᠡᠭᠡᠷ᠎ᠡ | ᠶᠠᠪᠤᠬᠤ ᠦᠨᠡᠨᠬᠦ ᠴᠢᠬᠤᠯᠠ ᠲᠠᠢ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠣᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠶᠠᠪᠤᠬᠤ ᠣᠷᠣᠨ ᠪᠠ | ᠶᠠᠪᠤᠬᠤ ᠱᠤᠭᠤᠮ ᠤᠨ ᠲᠥᠰᠦᠯ ᠢᠶᠠᠨ ᠲᠤᠰᠢᠶᠠᠵᠤ᠂ ᠨᠤᠲᠠᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ᠄ ᠦᠨᠳᠦᠰᠦᠨ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ | ᠴᠢᠨᠠᠷᠲᠠᠶ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠳᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ | ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ ᠪᠥᠭᠡᠳ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠤᠯᠪᠣᠭᠳᠠᠯ ᠪᠥᠬᠦᠶ ᠭᠠᠷᠳᠠᠮ ᠢ ᠭᠦᠶ᠋ᠴᠡᠳᠬᠡᠵᠦ ᠪᠣᠯᠤᠨ᠎ᠠ᠃ | ᠭᠤᠴᠢᠨ ᠬᠤᠶᠠᠳᠤᠭᠠᠷ ᠵᠦᠢᠯ᠄ ᠠᠭᠤᠷᠬᠠᠶ ᠶᠢᠨ ᠪᠤᠯᠠᠭᠳᠠᠴᠠ ᠮᠠᠯᠲᠠᠬᠤ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠬᠢᠬᠦ ᠳᠤ ᠦᠨᠳᠦᠰᠦᠨ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ | ᠬᠡᠷᠡᠭᠯᠡᠬᠦ ᠦᠨᠡᠨᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠶᠣᠰᠣᠭᠠᠷ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ᠄ ᠦᠨᠳᠦᠰᠦᠨ ᠨᠤᠲᠤᠭ ᠪᠡᠯᠴᠢᠭᠡᠷ ᠳᠡᠭᠡᠷ᠎ᠡ ᠬᠠᠶᠢᠨ ᠰᠢᠨᠵᠢᠯᠡᠯᠲᠡ | ᠬᠢᠬᠦ ᠵᠡᠷᠭᠡ ᠠᠵᠢᠯᠯᠠᠭ᠎ᠠ ᠳᠤ ᠦᠨᠳᠦᠰᠦᠨ ᠨᠤᠲᠤᠭ ᠪᠡᠯᠴᠢᠭᠡᠷ ᠢ ᠲᠦᠷ ᠡᠵᠡᠯᠡᠨ ᠬᠡᠷᠡᠭᠯᠡᠬᠦ ᠳᠤ᠂ ᠠᠳᠠᠯᠢ ᠪᠤᠰᠤ | ᠲᠠᠯᠠᠪᠠᠶ ᠪᠠᠷ ᠲᠣᠰ ᠲᠣᠰ ᠬᠤᠰᠢᠭᠤ ᠰᠢᠶᠠᠨ᠂ ᠠᠶᠢᠮᠠᠭ ᠤᠨ ᠵᠠᠬᠢᠷᠭ᠎ᠠ ︵ᠲᠣᠭᠤᠷᠢᠭ ᠲᠠᠢ ᠬᠤᠲᠠ ᠶᠢᠨ ᠠᠷᠠᠳ ᠤᠨ | ᠵᠠᠰᠠᠭ ᠤᠨ ᠣᠷᠳᠣᠨ︶᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃ | ᠦᠨᠳᠦᠰᠦᠨ ᠨᠤᠲᠤᠭ ᠪᠡᠯᠴᠢᠭᠡᠷ ᠢ ᠲᠦᠷ ᠡᠵᠡᠯᠡᠨ ᠬᠡᠷᠡᠭᠯᠡᠬᠦ ᠬᠤᠭᠤᠴᠠᠭ᠎ᠠ ᠶᠢ ᠬᠤᠶᠠᠷ ᠵᠢᠯ ᠠᠴᠠ ᠬᠡᠲᠦᠷᠡᠭᠦᠯᠵᠦ | ᠪᠣᠯᠬᠤ ᠦᠭᠡᠶ ᠪᠥᠭᠡᠳ ᠲᠦᠷ ᠡᠵᠡᠯᠡᠨ ᠬᠡᠷᠡᠭᠯᠡᠬᠦ ᠦᠨᠳᠦᠰᠦᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ | ᠴᠢᠨᠠᠷᠲᠠᠶ ᠪᠠᠷᠢᠯᠭ᠎ᠠ ᠪᠠᠷᠢᠵᠤ ᠪᠣᠯᠬᠤ ᠦᠭᠡᠶ᠃ | ᠭᠤᠴᠢᠨ ᠳᠥᠷᠪᠡᠳᠦᠭᠡᠷ ᠵᠦᠢᠯ᠄ ᠵᠥᠪᠰᠢᠶᠡᠷᠡᠯ ᠢᠶᠠᠷ ᠳᠠᠮᠵᠢᠨ ᠦᠨᠳᠦᠰᠦᠨ ᠨᠤᠲᠤᠭ ᠪᠡᠯᠴᠢᠭᠡᠷ ᠢ | ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠳᠤ ᠨᠤᠲᠤᠭ ᠪᠡᠯᠴᠢᠭᠡᠷ ᠤᠨ ᠨᠥᠬᠦᠪᠥᠷᠢ᠂ ᠲᠥᠪᠬᠢᠨᠡᠭᠦᠯᠬᠦ ᠨᠥᠬᠦᠪᠥᠷᠢ ᠪᠠ | ᠳᠠᠭᠠᠯᠲᠠ ᠪᠣᠳᠠᠰ ᠤᠨ ᠨᠥᠬᠦᠪᠥᠷᠢ ᠥᠭᠬᠦ ᠬᠡᠷᠡᠭᠲᠡᠢ᠃ ᠦᠨᠳᠦᠰᠦᠨ ᠨᠤᠲᠤᠭ ᠪᠡᠯᠴᠢᠭᠡᠷ ᠢ ᠲᠠᠲᠠᠪᠤᠷᠢᠯᠠᠬᠤ᠂ | ᠲᠠᠲᠠᠪᠤᠷᠢᠯᠠᠨ ᠬᠡᠷᠡᠭᠯᠡᠬᠦ ᠪᠠ ᠬᠡᠷᠡᠭᠯᠡᠬᠦ ᠪᠤᠶᠤ ᠡᠰᠡᠬᠦᠯ᠎ᠡ ᠦᠨᠳᠦᠰᠦᠨ ᠨᠤᠲᠤᠭ ᠪᠡᠯᠴᠢᠭᠡᠷ ᠢ ᠲᠦᠷ ᠡᠵᠡᠯᠡᠨ | ᠬᠡᠷᠡᠭᠯᠡᠭᠰᠡᠨ ᠤ ᠳᠠᠷᠠᠭ᠎ᠠ ᠨᠤᠲᠤᠭ ᠪᠡᠯᠴᠢᠭᠡᠷ ᠢ ᠰᠡᠷᠭᠦᠭᠡᠬᠦ ᠡᠭᠦᠷᠭᠡ ᠪᠠᠨ ᠭᠦᠢᠴᠡᠳᠬᠡᠭᠰᠡᠨ ᠦᠭᠡᠶ ᠪᠣᠯ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠬᠡᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠲᠦᠷᠢᠮ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠰᠡᠯᠭᠦᠨ ᠮᠠᠯᠵᠢᠬᠤ ᠲᠦᠷᠢᠮ ᠢ | ᠬᠠᠤᠯᠢ ᠶᠣᠰᠣᠭᠠᠷ ᠬᠡᠷᠡᠭᠵᠢᠭᠦᠯᠬᠦ ᠶᠢᠨ ᠬᠠᠮᠲᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠲᠦᠷᠢᠮ ᠢ ᠨᠠᠶᠢᠳᠠᠪᠤᠷᠢᠵᠢᠭᠤᠯᠤᠭᠰᠠᠨ ᠮᠠᠯᠴᠢᠨ ᠲᠠᠷᠢᠶᠠᠴᠢᠳ ᠲᠤ ᠱᠠᠩᠨᠠᠯ ᠨᠥᠬᠦᠪᠥᠷᠢ | ᠣᠯᠭᠤᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ᠄ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠨᠢ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ | ᠬᠡᠷᠡᠭᠲᠡᠶ᠃ ᠦᠨᠳᠦᠰᠦᠨ ᠨᠤᠲᠤᠭ ᠪᠡᠯᠴᠢᠭᠡᠷ ᠳᠡᠭᠡᠷ᠎ᠡ ᠠᠴᠠ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ | ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ | ᠬᠡᠭᠡᠷ᠎ᠡ ᠶᠢᠨ ᠤᠷᠭᠤᠮᠠᠯ ᠢ ᠲᠡᠭᠦᠬᠦ᠂ ᠬᠤᠳᠠᠯᠳᠤᠨ ᠠᠪᠬᠤ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ | ᠲᠡᠭᠦᠬᠦ᠂ ᠬᠤᠳᠠᠯᠳᠤᠨ ᠠᠪᠬᠤ ᠵᠥᠪᠰᠢᠶᠡᠷᠡᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ᠄ ᠦᠨᠳᠦᠰᠦᠨ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ | ᠂ ᠬᠡᠷᠡᠭᠯᠡᠬᠦ ᠪᠤᠶᠤ ᠲᠦᠷ ᠡᠵᠡᠯᠡᠨ ᠬᠡᠷᠡᠭᠯᠡᠬᠦ ᠳᠤ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ | ᠵᠢᠷᠤᠮᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ | ᠮᠡᠳᠡᠭᠦᠯᠦᠯᠲᠡ ᠶᠢᠨ ᠪᠢᠴᠢᠭ ᠲᠡᠭᠡᠨ ᠦᠨᠳᠦᠰᠦᠨ ᠨᠤᠲᠤᠭ ᠪᠡᠯᠴᠢᠭᠡᠷ ᠤᠨ ᠣᠷᠴᠢᠨ ᠲᠣᠭᠤᠷᠢᠨ ᠢ ᠬᠠᠮᠠᠭᠠᠯᠠᠬᠤ | ᠲᠥᠰᠦᠯ ᠲᠠᠢ ᠪᠠᠶᠢᠬᠤ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠭᠦᠯᠦᠭᠰᠡᠨ ᠤ | ᠳᠠᠷᠠᠭ᠎ᠠ᠂ ᠦᠨᠳᠦᠰᠦᠨ ᠨᠤᠲᠤᠭ ᠪᠡᠯᠴᠢᠭᠡᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠰᠦᠯ ᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠯᠦᠭᠡ ᠬᠠᠮᠲᠤ ᠳᠤᠨᠢ ᠬᠡᠷᠡᠭᠵᠢᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠣᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ | ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠨ ᠦᠨᠳᠦᠰᠦᠨ ᠨᠤᠲᠤᠭ ᠪᠡᠯᠴᠢᠭᠡᠷ ᠤᠨ ᠣᠷᠴᠢᠨ ᠲᠣᠭᠤᠷᠢᠨ ᠤ ᠶᠠᠰᠤ ᠴᠢᠨᠠᠷ ᠪᠠ | ᠪᠣᠬᠢᠷᠲᠤᠯ ᠤᠨ ᠪᠠᠢᠳᠠᠯ ᠳᠤ ᠮᠥᠷᠳᠡᠨ ᠬᠢᠨᠠᠨ ᠬᠡᠮᠵᠢᠯᠲᠡ ᠬᠢᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠰ | ᠱᠠᠲᠤᠨ ᠤ ᠠᠷᠠᠳ ᠤᠨ ᠵᠠᠰᠠᠭ ᠣᠨ ᠣᠷᠳᠣᠨ ᠳᠤ ᠣᠷᠴᠢᠨ ᠲᠣᠭᠤᠷᠢᠨ ᠤ ᠶᠠᠰᠤ ᠴᠢᠨᠠᠷ ᠪᠠ ᠬᠤᠪᠢᠷᠠᠯᠲᠠ ᠶᠢᠨ | ᠬᠠᠨᠳᠤᠰᠢ ᠶᠢ ᠮᠡᠳᠡᠭᠦᠯᠬᠦ ᠬᠡᠷᠡᠭᠲᠡᠢ᠃ | ᠭᠤᠴᠢ ᠶᠢᠰᠦᠳᠦᠭᠡᠷ ᠵᠦᠢᠯ᠄ ᠠᠳᠡᠯ ᠭᠠᠷᠤᠭᠰᠠᠨ ᠪᠤᠶᠤ ᠭᠡᠨᠡᠳᠲᠡ ᠶᠢᠨ ᠴᠢᠨᠠᠷᠲᠠᠶ ᠬᠡᠷᠡᠭ ᠭᠠᠷᠤᠭᠰᠠᠨ ᠠᠴᠠ | ᠪᠣᠯᠵᠤ᠂ ᠦᠨᠳᠦᠰᠦᠨ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠭᠰᠡᠨ ᠪᠤᠶᠤ ᠣᠷᠴᠢᠨ ᠲᠣᠭᠤᠷᠢᠨ ᠢ | ᠪᠣᠬᠢᠷᠲᠤᠭᠤᠯᠤᠭᠰᠠᠨ ᠪᠤᠶᠤ ᠪᠣᠬᠢᠷᠲᠤᠭᠤᠯᠤᠭᠰᠠᠨ ᠠᠳᠡᠯ ᠭᠠᠷᠴᠤ ᠮᠡᠳᠡᠬᠦ ᠳᠤ ᠬᠦᠷᠪᠡᠯ᠂ ᠲᠤᠬᠠᠶᠢᠲᠠᠶ ᠬᠥᠮᠦᠨ | ᠳᠠᠷᠦ᠋ᠢᠬᠠᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠠᠶᠢᠭ᠎ᠠ ᠭᠠᠵᠠᠷ ᠤᠨ ᠢᠶᠠᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠪᠠᠶᠢᠴᠠᠭᠠᠨ ᠰᠢᠶ᠋ᠳᠪᠦᠷᠢᠯᠡᠬᠦ ᠶᠢ | ᠬᠦᠯᠢᠶᠡᠬᠦ ᠬᠡᠷᠡᠭᠲᠡᠶ᠃ | ᠳᠣᠯᠣᠳᠤᠭᠠᠷ ᠪᠦᠯᠦᠭ ᠬᠢᠨᠠᠵᠤ ᠪᠠᠶᠢᠴᠠᠭᠠᠬᠤ | ᠳᠥᠴᠢᠳᠦᠭᠡᠷ ᠵᠦᠢᠯ᠄ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠵᠤ | ᠬᠠᠮᠢᠶᠠᠷᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠠᠵᠢᠯ ᠢ ᠣᠨ ᠤ | ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠠᠭᠠᠨ ᠣᠷᠣᠭᠤᠯᠬᠤ ᠶᠢᠨ ᠬᠠᠮᠲᠤ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠪᠢᠴᠢᠭ ᠲᠣᠭᠲᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠨᠤᠲᠤᠭ ᠪᠡᠯᠴᠢᠭᠡᠷ ᠢ ᠬᠡᠷᠡᠭᠯᠡᠬᠦ ᠡᠷᠬᠡ ᠲᠠᠢ ᠨᠢᠭᠡᠴᠡ ᠲᠠᠢ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠬᠤ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠢ ᠨᠤᠲᠤᠭ ᠪᠡᠯᠴᠢᠭᠡᠷ ᠢ ᠥᠮᠴᠢᠯᠡᠬᠦ ᠡᠷᠬᠡ ᠲᠠᠢ ᠨᠢᠭᠡᠴᠡ ᠯᠦᠭᠡ ᠦᠨᠳᠦᠰᠦᠨ ᠨᠤᠲᠤᠭ | ᠪᠡᠯᠴᠢᠭᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠣᠨ | ᠣᠷᠳᠣᠨ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠨ ᠪᠠᠶᠢᠴᠠᠭᠠᠬᠤ ᠳᠦᠷᠢᠮ ᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠵᠤ ᠪᠠᠢᠭ᠎ᠠ ᠪᠠᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ | ᠬᠡᠷᠡᠭᠲᠡᠢ᠃ | ᠳᠥᠴᠢᠨ ᠬᠤᠶᠠᠳᠤᠭᠠᠷ ᠵᠦᠢᠯ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ | ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠨᠤᠲᠤᠭ ᠪᠡᠯᠴᠢᠭᠡᠷ ᠤᠨ ᠬᠢᠨᠠᠯᠲᠠ | ᠪᠠᠶᠢᠴᠠᠭᠠᠯᠲᠠ ᠶᠢᠨ ᠠᠵᠢᠯᠲᠠᠨ ᠬᠢᠨᠠᠯᠲᠠ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ | ᠳᠣᠣᠷᠠᠬᠢ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠄ ᠪᠠᠶᠢᠴᠠᠭᠠᠭᠳᠠᠬᠤ ᠨᠢᠭᠡᠴᠡ ᠪᠤᠶᠤ ᠬᠤᠪᠢ ᠬᠥᠮᠦᠨ ᠳᠤ ᠨᠤᠲᠤᠭ | ᠪᠡᠯᠴᠢᠭᠡᠷ ᠤᠨ ᠡᠷᠬᠡ ᠶᠢᠨ ᠬᠠᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ ᠧᠷᠢᠶᠠᠯ ᠪᠣᠯᠤᠨ ᠮᠠᠲ ᠧᠷᠢᠶᠠᠯ | ᠬᠠᠩᠭᠠᠯᠭᠠᠬᠤ ᠪᠠᠷ ᠱᠠᠭᠠᠷᠳᠠᠵᠤ᠂ ᠪᠠᠶᠢᠴᠠᠭᠠᠨ ᠦᠵᠡᠬᠦ ᠪᠤᠶᠤ ᠪᠠᠭᠤᠯᠭᠠᠬᠤ ᠬᠡᠷᠡᠭᠲᠡᠶ︔ ᠪᠠᠶᠢᠴᠠᠭᠠᠭᠳᠠᠬᠤ ᠨᠢᠭᠡᠴᠢ | ᠪᠤᠶᠤ ᠬᠤᠪᠢ ᠬᠥᠮᠦᠨ ᠢ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠵᠡᠷᠭᠡ ᠠᠰᠠᠭᠤᠳᠠᠯ ᠤᠨ ᠲᠤᠬᠠᠢ | ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ ᠬᠠᠤᠯᠢ ᠠᠴᠠ ᠵᠥᠷᠢᠴᠡᠭᠰᠡᠨ ᠲᠤᠬᠠᠶ ᠶᠢᠨ ᠲᠠᠯᠠᠪᠠᠢ ᠳᠤ ᠣᠷᠣᠵᠤ | ᠰᠡᠭᠦᠳᠡᠷᠯᠡᠬᠦ᠂ ᠳᠦᠷᠰᠦ ᠰᠢᠩᠭᠡᠭᠡᠬᠦ ᠪᠠ ᠬᠠᠶᠢᠨ ᠬᠡᠮᠵᠢᠯᠲᠡ ᠬᠢᠨ᠎ᠡ︔ ᠪᠠᠶᠢᠴᠠᠭᠠᠭᠳᠠᠬᠤ ᠨᠢᠭᠡᠴᠢ ᠪᠤᠶᠤ ᠬᠤᠪᠢ | ᠬᠥᠮᠦᠨ ᠢ ᠵᠠᠷᠯᠢᠭᠳᠠᠵᠤ ᠪᠠᠶᠢᠭᠠᠳ ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠨ᠎ᠡ᠃ | ᠳᠥᠴᠢᠨ ᠭᠤᠷᠪᠠᠳᠤᠭᠠᠷ ᠵᠦᠢᠯ᠄ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠳᠡᠨ ᠬᠢᠨᠠᠨ ᠪᠠᠶᠢᠴᠠᠭᠠᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠳᠤ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠬᠢᠨᠠᠯᠲᠠ | ᠪᠠᠶᠢᠴᠠᠭᠠᠯᠲᠠ ᠶᠢᠨ ᠠᠵᠢᠯᠳᠡᠠ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠢ | ᠭᠤᠣᠯᠴᠢ ᠪᠠᠷ ᠬᠡᠷᠡᠭᠵᠢᠭᠦᠯᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ᠄ ᠬᠤᠯᠪᠣᠭᠳᠠᠯ ᠪᠦᠬᠦᠢ ᠨᠢᠭᠡᠴᠡ ᠪᠣᠯᠤᠨ ᠬᠤᠪᠢ ᠬᠥᠮᠦᠨ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠨᠤᠲᠤᠭ ᠪᠡᠯᠴᠢᠭᠡᠷ ᠤᠨ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠳᠤ ᠳᠡᠮᠵᠢᠯᠭᠡ᠂ | ᠬᠠᠮᠵᠢᠯᠴᠠᠭ᠎ᠠ ᠦᠵᠡᠭᠦᠯᠬᠦ ᠬᠡᠷᠡᠭᠲᠡᠶ᠂ ᠨᠤᠲᠤᠭ ᠪᠡᠯᠴᠢᠭᠡᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠤ | ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠶ᠃ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠲᠠᠪᠤᠳᠤᠭᠠᠷ ᠵᠦᠢᠯ᠄ ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠳᠤᠤᠷᠠᠬᠢ ᠦᠶ᠋ᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ | ᠦᠭᠡᠶ ᠪᠣᠯ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ᠄ ᠵᠥᠪᠰᠢᠶᠡᠷᠡᠭᠦᠯᠦᠭᠡᠳᠦᠶ ᠪᠤᠶᠤ ᠲᠣᠭᠲᠠᠭᠰᠠᠨ ᠴᠠᠭ ᠬᠤᠭᠤᠴᠠᠭ᠎ᠠ᠂ ᠣᠷᠣᠨ ᠪᠠ ᠠᠵᠢᠯᠯᠠᠬᠤ ᠠᠷᠭ᠎ᠠ | ᠮᠠᠶᠢᠭ ᠢᠶᠠᠷ ᠨᠤᠲᠤᠭ ᠪᠡᠯᠴᠢᠭᠡᠷ ᠳᠡᠭᠡᠷ᠎ᠡ ᠬᠠᠶᠢᠨ ᠰᠢᠨᠵᠢᠬᠦ᠂ ᠬᠤᠳᠳᠤᠭ ᠥᠷᠥᠮᠳᠡᠬᠦ᠂ ᠭᠠᠵᠠᠷ ᠳᠡᠭᠡᠷᠡᠬᠢ ᠪᠠ | ᠭᠠᠵᠠᠷ ᠳᠣᠣᠷᠠᠬᠢ ᠪᠠᠷᠢᠯᠭ᠎ᠠ ᠪᠠᠷᠢᠬᠤ ᠵᠡᠷᠭᠡ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠭᠰᠡᠨ︔ | ᠵᠥᠪᠰᠢᠶᠡᠷᠡᠯ ᠠᠪᠤᠭᠰᠠᠨ ᠤᠢᠭᠡᠢ ᠪᠠᠷ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ | ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠤᠭᠰᠠᠨ᠃ | ᠳᠥᠴᠢᠨ ᠵᠢᠷᠭᠤᠳᠤᠭᠠᠷ ᠵᠦᠢᠯ᠄ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠦᠨᠳᠦᠰᠦᠨ ᠨᠤᠲᠤᠭ | ᠪᠡᠯᠴᠢᠭᠡᠷ ᠲᠤ ᠳᠣᠣᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠣᠯ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠵᠣᠭᠰᠣᠭᠠᠵᠤ᠂ ᠤᠷᠭᠤᠮᠠᠯ ᠤᠨ ᠪᠦᠷᠬᠦᠴᠡ ᠶᠢ ᠬᠤᠭᠤᠴᠠᠭ᠎ᠠ ᠬᠢᠵᠠᠭᠠᠷᠯᠠᠨ ᠰᠡᠷᠭᠦᠭᠡᠯᠭᠡᠵᠦ᠂ | ᠬᠠᠤᠯᠢ ᠪᠤᠰᠤ ᠡᠳ ᠪᠣᠳᠠᠰ ᠪᠣᠯᠤᠨ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠬᠤ ᠶᠢᠨ | ᠬᠠᠮᠲᠤ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ | ᠥᠷᠲᠡᠭ ᠤᠨ ᠭᠤᠷᠪᠠᠨ ᠳᠠᠬᠢᠨ ᠠᠴᠠ ᠳᠡᠭᠡᠭᠰᠢ ᠶᠢᠰᠦᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ | ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠬᠠᠤᠯᠢ | ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄ ᠦᠨᠳᠦᠰᠦᠨ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠪᠣᠯ︔ | ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔ ᠬᠦᠷᠢᠶ᠎ᠡ ᠬᠠᠰᠢᠶ᠎ᠠ᠂ | ᠬᠥᠮᠦᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ | ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠭᠰᠡᠨ︔ ᠳᠤᠷ᠎ᠠ ᠪᠠᠷ ᠢᠶᠠᠨ ᠬᠤᠳᠳᠤᠭ ᠥᠷᠥᠮᠳᠡᠵᠦ ᠠᠵᠤ | ᠦᠶ᠋ᠯᠡᠳᠪᠦᠷᠢ ᠳᠤ ᠬᠡᠷᠡᠭᠯᠡᠬᠦ ᠤᠰᠤ ᠠᠪᠤᠭᠰᠠᠨ︔ ᠵᠢᠭᠠᠰᠤᠨ ᠴᠥᠭᠦᠷᠥᠮ ᠮᠠᠯᠲᠠᠬᠤ᠂ ᠭᠤᠤ ᠰᠤᠪᠠᠭ ᠮᠠᠯᠲᠠᠬᠤ᠂ | ᠡᠪᠡᠰᠦ ᠮᠠᠯᠲᠠᠬᠤ᠂ ᠬᠦᠯᠦᠷ᠎ᠡ ᠮᠠᠯᠲᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ | ᠦᠢᠯᠡ ᠠᠵᠢᠯᠯᠠᠭ᠎ᠠ︔ ᠣᠩᠭᠤᠨ ᠪᠣᠰᠬᠠᠭᠰᠠᠨ︔ ᠣᠷᠴᠢᠨ ᠠᠬᠤᠢ ᠶᠢ ᠬᠠᠮᠠᠭᠠᠯᠠᠬᠤ ᠬᠠᠤᠯᠢ ᠴᠠᠭᠠᠵᠠ᠂ ᠬᠠᠤᠯᠢ | ᠲᠣᠭᠲᠠᠭᠠᠯ ᠢ ᠵᠥᠷᠢᠴᠡᠵᠦ ᠬᠠᠲᠠᠭᠤ ᠪᠡᠶᠡᠲᠦ᠂ ᠰᠢᠩᠭᠡᠨ ᠪᠡᠶᠡᠲᠦ᠂ ᠬᠡᠢ ᠪᠡᠶᠡᠲᠦ ᠬᠠᠶᠠᠭᠳᠠᠮᠠᠯ ᠪᠣᠳᠠᠰ ᠪᠠ | ᠠᠮᠢᠳᠤᠷᠠᠯ ᠤᠨ ᠬᠤᠭ ᠨᠣᠪᠰᠢ ᠶᠢ ᠴᠢᠳᠬᠤᠵᠤ ᠭᠠᠳᠠᠭᠰᠢᠯᠠᠭᠤᠯᠤᠭᠰᠠᠨ ᠪᠤᠶᠤ ᠣᠷᠴᠢᠨ ᠠᠬᠤᠢ ᠶᠢᠨ ᠱᠤᠤᠭᠢᠶᠠᠨ ᠤ | ᠪᠣᠬᠢᠷᠲᠤᠯ᠂ ᠲᠣᠭᠤᠰᠣ ᠰᠢᠷᠣᠢ ᠶᠢᠨ ᠪᠣᠬᠢᠷᠲᠤᠯ᠂ ᠰᠠᠴᠤᠷᠠᠭ ᠢᠳᠡᠪᠬᠢ ᠴᠢᠨᠠᠷᠲᠠᠢ ᠪᠣᠬᠢᠷᠲᠤᠯ᠂ ᠴᠠᠬᠢᠯᠭᠠᠨ | ᠰᠣᠷᠢᠨᠵᠢᠨ ᠳᠣᠯᠭᠢᠶᠠᠨ ᠤ ᠰᠠᠴᠤᠷᠠᠯᠲᠠ ᠶᠢᠨ ᠪᠣᠬᠢᠷᠲᠤᠯ ᠢ ᠡᠭᠦᠰᠭᠡᠭᠰᠡᠨ︔ ᠦᠨᠳᠦᠰᠦᠨ ᠨᠤᠲᠤᠭ ᠪᠡᠯᠴᠢᠭᠡᠷ ᠢ | ᠡᠪᠳᠡᠭᠰᠡᠨ ᠪᠤᠰᠤᠳ ᠠᠵᠢᠯᠯᠠᠭ᠎ᠠ᠃ | ᠳᠥᠴᠢᠨ ᠳᠣᠯᠣᠳᠤᠭᠠᠷ ᠵᠦᠢᠯ᠄ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠮᠠᠰᠢᠨᠲᠤ ᠲᠡᠷᠭᠡ | ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠭᠡᠷ ᠳᠡᠭᠡᠷ᠎ᠡ ᠶᠠᠪᠤᠵᠤ᠂ ᠨᠤᠲᠤᠭ ᠪᠡᠯᠴᠢᠭᠡᠷ ᠤᠨ ᠤᠷᠭᠤᠮᠠᠯ ᠤᠨ | ᠪᠦᠷᠬᠦᠴᠡ ᠶᠢ ᠡᠪᠳᠡᠭᠰᠡᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ | ᠪᠦᠷᠬᠦᠴᠡ ᠶᠢ ᠰᠡᠷᠭᠦᠭᠡᠯᠭᠡᠬᠦ ᠶᠢᠨ ᠬᠠᠮᠲᠤ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ | ᠳᠤᠮᠳᠠᠴᠢ ᠦᠢᠯᠡᠳᠪᠦᠷᠢᠯᠡᠯ ᠤᠨ ᠥᠷᠲᠡᠭ ᠤᠨ ᠭᠤᠷᠪᠠᠨ ᠳᠠᠬᠢᠨ ᠠᠴᠠ ᠳᠡᠭᠡᠭᠰᠢ ᠶᠢᠰᠦᠨ ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠭᠰᠠᠨ ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ | ᠳᠥᠴᠢᠨ ᠨᠠᠢ᠌ᠮᠠᠳᠤᠭᠠᠷ ᠵᠦᠢᠯ᠄ ᠲᠣᠰ ᠲᠦᠷᠢᠮ ᠤᠨ ᠲᠣᠭᠲᠠᠭᠠᠯ ᠠᠴᠠ | ᠵᠥᠷᠢᠴᠡᠨ᠂ ᠦᠨᠳᠦᠰᠦᠨ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠶ ᠵᠢᠭᠤᠯᠴᠢᠯᠠᠯ ᠤᠨ ᠠᠵᠢᠯᠯᠠᠭ᠎ᠠ | ᠥᠷᠨᠢᠭᠦᠯᠬᠦ ᠳᠡᠭᠡᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳᠦᠶ ᠪᠣᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠤᠷᠭᠤᠮᠠᠯ ᠤᠨ ᠪᠦᠷᠬᠦᠴᠡ ᠶᠢ ᠬᠤᠭᠤᠴᠠᠭ᠎ᠠ ᠬᠢᠵᠠᠭᠠᠷᠯᠠᠨ | ᠰᠡᠷᠭᠦᠭᠡᠯᠭᠡᠵᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ | ᠵᠥᠷᠢᠴᠡᠭᠰᠡᠨ ᠣᠯᠵᠠᠪᠤᠷᠢ ᠶᠢᠨ ᠬᠢᠨᠢ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ | ᠲᠣᠷᠭᠠᠵᠤ ᠪᠣᠯᠤᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ | ᠪᠣᠯ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃ | ᠳᠥᠴᠢ ᠶᠢᠰᠦᠳᠦᠭᠡᠷ ᠵᠦᠢᠯ᠄ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠦᠨᠳᠦᠰᠦᠨ ᠨᠤᠲᠤᠭ | ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠪᠤᠶᠤ ᠲᠦᠷ ᠡᠵᠡᠯᠡᠨ ᠬᠡᠷᠡᠭᠯᠡᠭᠡᠳ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠬᠡᠯ ᠢ ᠬᠠᠤᠯᠢ ᠶᠣᠰᠣᠭᠠᠷ ᠲᠤᠰᠢᠶᠠᠭᠰᠠᠨ ᠦᠭᠡᠶ ᠪᠣᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ | ᠲᠤᠰᠢᠶᠠᠯᠭᠠᠬᠤ ᠬᠡᠷᠡᠭᠲᠡᠶ︔ ᠬᠤᠭᠤᠴᠠᠭ᠎ᠠ ᠥᠩᠭᠡᠷᠡᠲᠡᠯ᠎ᠡ ᠮᠥᠨ ᠬᠦ ᠲᠤᠰᠢᠶᠠᠭᠠᠳᠤᠶ ᠪᠣᠯ ᠡᠳᠦᠷ ᠪᠦᠷᠢ ᠮᠢᠩᠭᠠᠨ ᠤ | ᠭᠤᠷᠪᠠ ᠶᠢᠨ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠨᠡᠮᠡᠵᠦ ᠬᠤᠷᠢᠶᠠᠬᠤ ᠶᠢᠨ ᠬᠠᠮᠲᠤ | ᠲᠤᠰᠢᠶᠠᠪᠠᠰᠤ ᠵᠣᠬᠢᠬᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠤᠨ ᠭᠤᠷᠪᠠᠨ | ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ | ᠲᠠᠪᠢᠳᠤᠭᠠᠷ ᠵᠦᠢᠯ᠄ ᠨᠤᠲᠤᠭ ᠪᠡᠯᠴᠢᠭᠡᠷ ᠤᠨ ᠬᠢᠨᠠᠯᠲᠠ ᠪᠠᠶᠢᠴᠠᠭᠠᠯᠲᠠ ᠶᠢᠨ ᠠᠵᠢᠯᠲᠠᠨ ᠤ ᠬᠠᠤᠯᠢ ᠶᠣᠰᠣᠭᠠᠷ | ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠣᠯ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠡᠪᠢᠠ ᠨᠢᠭᠡᠳᠦᠭᠡᠷ ᠵᠦᠢᠯ᠄ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠳᠡᠠ ᠳᠣᠣᠷ᠎ᠠ | ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄ ᠨᠤᠲᠤᠭ ᠪᠡᠯᠴᠢᠭᠡᠷ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ | ᠵᠠᠷᠤᠳᠠᠯ ᠢ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ︔ ᠨᠥᠬᠦᠴᠡᠯ ᠳᠤ ᠦᠯᠦ | ᠨᠡᠶᠢᠴᠡᠬᠦ ᠨᠢᠭᠡᠴᠢ ᠪᠤᠶᠤ ᠬᠤᠪᠢ ᠬᠥᠮᠦᠨ ᠳᠤ ᠵᠥᠪᠰᠢᠶᠡᠷᠡᠯ ᠤᠨ ᠦᠨᠡᠮᠯᠡᠯ᠂ ᠵᠥᠪᠰᠢᠶᠡᠷᠡᠯ ᠤᠨ ᠪᠢᠴᠢᠭ ᠮᠠᠲ᠋ᠧᠷᠢᠶᠠᠯ | ᠣᠯᠭᠤᠭᠰᠠᠨ︔ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠲᠠᠯ᠎ᠠ ᠪᠠᠶᠢᠴᠠᠭᠠᠨ ᠰᠢᠶ᠋ᠳᠪᠦᠷᠢᠯᠡᠭᠰᠡᠨ | ᠦᠭᠡᠶ︔ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ | ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠨ ᠬᠤᠶᠠᠳᠤᠭᠠᠷ ᠵᠦᠢᠯ᠄ ᠲᠣᠰ ᠲᠦᠷᠢᠮ ᠢ 2005 ᠣᠨ ᠤ 1 ᠳ᠋ᠦᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |